ᠮᠠᠨ ᠤ ᠬᠤᠰᠢᠭᠤ ᠬᠤᠪᠢᠰᠬᠠᠯ ᠤᠨ ᠰᠣᠶᠣᠯ ᠤᠨ ᠬᠦᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/21
      2 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠬᠤᠪᠢᠰᠬᠠᠯ ᠤᠨ ᠰᠣᠶᠣᠯ ᠤᠨ ᠬᠦᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ  ᠶᠢᠨ ᠠᠵᠢᠯ ᠢ ᠠᠬᠢᠭᠤᠯᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠴᠢᠶᠣᠤ ᠮᠢᠩ ᠵᠡᠷᠭᠡ ᠬᠢᠨᠠᠨ ᠲᠣᠭᠲᠠᠭᠠᠬᠤ ᠲᠤᠰᠬᠠᠶ ᠮᠡᠷᠭᠡᠵᠢᠯᠳᠡᠨ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ᠂ ᠬᠤᠰᠢᠭᠤ ᠤᠳᠤᠷᠢᠳᠤᠯᠭ᠎ᠠ ᠮᠠ ᠶᠠ ᠳ᠋ᠦᠩ᠂ ᠰᠦ᠋ ᠴᠢᠩ ᠫᠦ᠋᠂ ᠮᠠ ᠯᠢ ᠵᠢᠶᠧ᠂ ᠰᠢᠷᠬᠤᠰᠤᠨ ᠪᠠᠯᠭᠠᠰᠤ ᠪᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠵᠢᠴᠢ ᠵᠢᠷᠤᠭ ᠲᠥᠯᠥᠪᠯᠡᠭᠡ ᠶᠢᠨ ᠪᠦᠯᠬᠦᠮ ᠤᠨ ᠭᠡᠰᠢᠭᠦᠳ ᠬᠤᠷᠠᠯ ᠳᠤ ᠣᠷᠣᠯᠴᠠᠪᠠ᠃
1.jpg 
          ᠬᠤᠷᠠᠯ ᠳᠡᠭᠡᠷ᠎ᠡ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠵᠢᠷᠤᠭ ᠲᠥᠯᠥᠪᠯᠡᠭᠡ ᠶᠢᠨ ᠨᠢᠭᠡᠴᠢ ᠶᠢᠨ ᠬᠢᠨ ᠤ ᠪᠠᠲᠤ ᠶᠢᠨ ᠳᠤᠬᠤᠢ ᠶᠢᠨ ᠬᠤᠪᠢᠰᠬᠠᠯ ᠤᠨ ᠰᠣᠶᠣᠯ ᠤᠨ ᠵᠢᠵᠢᠭ ᠪᠠᠯᠭᠠᠰᠤᠨ ᠤ ᠭᠠᠳᠠᠷ ᠵᠢᠷᠤᠭ ᠲᠥᠯᠥᠪᠯᠡᠭᠡ᠂ ᠦᠵᠡᠮᠵᠢ ᠶᠢᠨ ᠤᠷᠤᠨ ᠢ ᠵᠠᠰᠠᠨ ᠦᠭᠡᠷᠡᠴᠢᠯᠡᠬᠦ ᠲᠥᠰᠦᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠤᠨᠤᠰᠪᠠ᠃ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠳ ᠲᠡᠦᠬᠡ ᠰᠣᠶᠣᠯ᠂ ᠤᠨᠴᠠᠯᠢᠭᠲᠤ ᠭᠤᠣᠯ ᠰᠡᠳᠦᠪ᠂ ᠦᠢᠯᠡ ᠠᠵᠢᠯᠯᠠᠭ᠎ᠠ ᠶᠢᠨ ᠲᠡᠮᠳᠡᠭᠯᠡᠯ ᠵᠡᠷᠭᠡ ᠲᠠᠯ᠎ᠠ ᠪᠠᠷ ᠵᠢᠷᠤᠭ ᠲᠥᠯᠥᠪᠯᠡᠭᠡ ᠶᠢᠨ ᠲᠥᠰᠥᠯ ᠢ ᠨᠠᠷᠢᠨ ᠬᠢᠨᠠᠮᠠᠭᠠᠢ ᠬᠢᠨᠠᠨ ᠲᠣᠭᠲᠠᠭᠠᠭᠰᠠᠨ ᠪᠥᠭᠡᠳ ᠬᠢᠨᠠᠨ ᠲᠣᠭᠲᠠᠭᠠᠭᠰᠠᠨ ᠰᠠᠨᠠᠯ ᠰᠠᠨᠠᠭᠤᠯᠭ᠎ᠠ ᠲᠤᠷᠠᠳᠪᠠ᠃
2.jpg   
      ᠬᠤᠷᠠᠯ ᠠᠴᠠ ︽ᠦᠦᠰᠢᠨ ᠬᠤᠰᠢᠭᠤᠨ ᠤ ᠠᠮᠢ ᠠᠬᠤᠢ ᠶᠢᠨ ᠪᠣᠯᠪᠠᠰᠤᠨ ᠤ ᠦᠵᠡᠰᠬᠦᠯᠡᠩ ᠤᠨ ᠤᠷᠳᠤᠨ ᠤ ᠵᠢᠷᠤᠭ ᠲᠥᠯᠥᠪᠯᠡᠭᠡ ᠶᠢᠨ ᠲᠥᠰᠦᠯ︾  ᠢ ᠬᠢᠨᠠᠨ ᠲᠣᠭᠲᠠᠭᠠᠵᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠢᠨᠠᠨ ᠪᠠᠳᠣᠯᠠᠬᠤ ᠶᠢᠨ ᠬᠠᠮᠲᠤ ᠣᠷᠳᠣᠨ ᠤ ᠳᠣᠲᠣᠷᠠᠬᠢ ᠪᠠᠶᠢᠷᠢᠰᠢᠭᠤᠯᠤᠯᠳᠠ᠂ ᠠᠭᠤᠯᠭ᠎ᠠ ᠶᠢᠨ ᠢᠯᠡᠳᠭᠡᠯ ᠵᠡᠷᠭᠡ ᠶᠢ ᠲᠡᠭᠦᠯᠳᠡᠷᠵᠢᠭᠦᠯᠬᠦ ᠳᠣᠬᠠᠢ ᠰᠠᠨᠠᠯ ᠰᠠᠨᠠᠭᠤᠯᠭ᠎ᠠ ᠳᠤᠷᠠᠳᠴᠠᠢ᠃       ᠬᠤᠷᠠᠯ ᠠᠴᠠ ᠦᠦᠰᠢᠨ ᠬᠤᠰᠢᠭᠤᠨ ᠤ ᠬᠤᠪᠢᠰᠬᠠᠯ ᠤᠨ ᠥᠯᠢᠭᠡᠷ ᠢ ᠲᠠᠶᠢᠯᠪᠤᠷᠢᠯᠠᠨ ᠰᠤᠳᠤᠯᠵᠤ ᠰᠤᠷᠤᠯᠴᠠᠬᠤ ᠳᠢᠩᠬᠢᠮ ᠤᠨ ᠠᠵᠢᠯ ᠤᠨ ᠠᠬᠢᠴᠠ  ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠲᠥᠯᠥᠪᠵᠢᠭᠦᠯᠭᠡ ᠶᠣᠰᠣᠭᠠᠷ ᠵᠢᠷᠤᠨ ᠲᠥᠯᠥᠪᠯᠡᠵᠦ ᠭᠤᠤᠯ ᠰᠡᠳᠦᠪ ᠲᠠᠢ ᠨᠢᠭᠲᠠ ᠤᠶᠠᠯᠳᠤᠭᠤᠯᠤᠨ ᠦᠦᠰᠢᠨ ᠬᠤᠰᠢᠭᠤᠨ ᠤ ᠬᠡᠷᠡᠯ ᠰᠠᠴᠤᠷᠠᠩᠭᠤᠶ ᠬᠤᠪᠢᠰᠬᠠᠯ ᠤᠨ ᠲᠡᠦᠬᠡ ᠶᠢ ᠭᠦᠶᠴᠡᠳ ᠢᠯᠠᠷᠠᠭᠦᠯᠬᠦ ᠬᠡᠷᠡᠭᠲᠠᠢ ᠭᠡᠵᠡᠶ᠃      ᠬᠤᠷᠠᠯ ᠠᠴᠠ ᠴᠢᠬᠤᠯᠠᠴᠢᠯᠠᠬᠤ ᠳᠤ ᠪᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ ᠴᠠᠭ ᠦᠶᠡᠴᠢ ᠴᠢᠨᠠᠷ᠂ ᠥᠪᠡᠷᠮᠢᠴᠡ ᠣᠨᠴᠠᠯᠢᠭ ᠢ ᠪᠠᠲᠤ ᠡᠵᠡᠮᠳᠡᠨ ᠮᠠᠨ ᠤ ᠬᠤᠰᠢᠭᠤᠨ ᠤ ᠬᠤᠪᠢᠰᠬᠠᠯ ᠤᠨ ᠥᠯᠢᠭᠡᠷ ᠢ ᠭᠦᠨᠵᠡᠭᠡᠶ ᠠᠭᠤᠳᠠᠯᠵᠤ ᠦᠦᠰᠢᠨ ᠬᠤᠰᠢᠭᠤᠨ ᠤ ᠤᠤᠯ ᠤᠨ ᠶᠡᠭᠡ ᠵᠣᠣ ᠠᠶᠢᠮᠠᠭ ᠤᠨ ᠨᠠᠮ ᠤᠨ ᠪᠠᠶᠢᠭᠤᠯᠤᠯᠲᠠ ᠪᠠ ᠬᠤᠪᠢᠰᠬᠠᠯ ᠤᠨ ᠲᠡᠦᠬᠡᠨ ᠳᠡᠭᠡᠷ᠎ᠡ ᠡᠭᠦᠳᠦᠭᠰᠡᠨ ︽ᠠᠷᠪᠠᠨ ᠠᠩᠬᠠᠳᠤᠭᠠᠷ︾ ᠤᠨ ᠪᠠᠶᠠᠯᠢᠭ ᠠᠭᠤᠯᠤᠭᠳᠠᠬᠤᠨ ᠪᠤᠯᠤᠨ ᠴᠠᠭ ᠦᠶ᠎ᠡ ᠶᠢᠨ ᠦᠨ᠎ᠡ ᠥᠷᠲᠡᠭ ᠢ ᠰᠠᠶᠢᠲᠤᠷ ᠤᠬᠠᠭᠤᠯᠤᠨ ᠲᠠᠶᠢᠯᠪᠤᠷᠢᠯᠠᠬᠤ ᠬᠡᠷᠡᠭᠲᠡᠶ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠦᠶᠯᠡᠳᠦᠯᠭᠡᠵᠢᠭᠦᠯᠵᠦ ᠤᠯᠠᠨ ᠳᠦᠮᠡᠨᠴᠢ ᠴᠢᠨᠠᠷ᠂ ᠦᠷ᠎ᠡ ᠪᠦᠲᠦᠭᠡᠯᠴᠢ ᠴᠢᠨᠠᠷ ᠢ ᠳᠣᠪᠣᠶᠢᠯᠭᠠᠵᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠨ ᠵᠠᠰᠠᠬᠤ ᠶᠢ ᠨᠢᠭᠡᠳᠦᠯᠲᠡᠶ ᠲᠥᠯᠥᠪᠵᠢᠭᠦᠯᠬᠦ ᠶᠢ ᠪᠠᠷᠢᠮᠲᠠᠯᠠᠵᠤ ᠦᠦᠰᠢᠨ ᠤ ᠠᠮᠢ ᠠᠬᠤᠶ ᠶᠢᠨ ᠵᠠᠰᠠᠯᠲᠠ ᠶᠢᠨ ᠣᠯᠤᠭᠰᠠᠨ ᠠᠮᠵᠢᠯᠲᠠ ᠪᠦᠲᠦᠮᠵᠢ ᠶᠢ ᠭᠦᠶᠴᠡᠳ ᠢᠯᠡᠷᠡᠭᠦᠯᠬᠦ ᠬᠡᠷᠡᠭᠲᠡᠶ ᠬᠡᠵᠡᠢ᠃       ᠬᠤᠷᠠᠯ ᠠᠴᠠ ᠱᠠᠭᠠᠷᠳᠠᠬᠤ ᠳᠤ ᠪᠠᠨ᠂ ᠵᠢᠷᠤᠭ ᠲᠥᠯᠥᠪᠯᠡᠭᠡ ᠶᠢᠨ ᠨᠢᠭᠡᠴᠢ ᠪᠣᠯᠤᠨ ᠪᠠᠷᠢᠯᠭ᠎ᠠ ᠶᠢᠨ ᠨᠢᠭᠡᠴᠢ ᠶᠢᠨ ᠬᠢᠨ ᠬᠢᠨᠠᠨ ᠲᠣᠭᠲᠠᠭᠠᠬᠤ ᠪᠦᠯᠬᠦᠮ  ᠤᠨ ᠲᠤᠰᠬᠠᠶ ᠮᠡᠷᠭᠡᠵᠢᠯᠲᠡᠨ ᠤ ᠰᠠᠨᠠᠯ ᠰᠠᠨᠠᠭᠤᠯᠭ᠎ᠠ ᠶᠢ ᠦᠨᠳᠦᠰᠦᠯᠡᠨ ᠵᠢᠷᠤᠭ ᠳᠦᠯᠦᠪᠯᠡᠭᠡ ᠶᠢᠨ ᠲᠥᠰᠥᠯ ᠢᠶᠠᠨ ᠨᠠᠷᠢᠨ ᠬᠢᠨᠠᠮᠠᠭᠠᠢ ᠵᠠᠰᠠᠨ ᠲᠡᠭᠦᠯᠳᠡᠷᠵᠢᠬᠦᠯᠵᠤ ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠠᠵᠢᠯ ᠤᠨ ᠬᠤᠭᠤᠴᠠᠭ᠎ᠠ ᠪᠠᠨ ᠪᠠᠶᠢᠷᠢᠯᠠᠭᠤᠯᠵᠤ ᠵᠢᠷᠤᠭ ᠲᠥᠯᠥᠪᠯᠡᠭᠡ ᠶᠢᠨ ᠲᠥᠰᠥᠯ ᠢᠶᠠᠨ ᠲᠦᠷᠭᠡᠨ ᠲᠡᠭᠦᠯᠳᠡᠷᠵᠢᠭᠦᠯᠤᠨ ᠡᠷᠲᠡᠬᠡᠨ ᠪᠠᠷᠢᠯᠭ᠎ᠠ ᠪᠠᠨ ᠡᠬᠢᠯᠡᠬᠦᠯᠵᠤ 5 ᠰᠠᠷ᠎ᠠ ᠶᠢᠨ ᠰᠡᠭᠦᠯᠴᠢ ᠪᠠᠷ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠢᠷᠤᠭ ᠳᠦᠯᠦᠪᠯᠡᠭᠡ ᠶᠢᠨ ᠨᠢᠭᠡᠴᠢ ᠲᠠᠢ ᠢᠳᠡᠪᠬᠢᠲᠡᠢ ᠬᠠᠮᠵᠢᠯᠴᠠᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ ᠲᠥᠷᠥᠯ ᠵᠦᠢᠯ ᠤᠨ ᠭᠠᠷᠳᠠᠮ ᠬᠦᠢᠴᠡᠳᠭᠡᠯ ᠢ ᠬᠢᠨᠠᠨ ᠭᠦᠢᠴᠡᠳᠬᠡᠬᠦ ᠵᠡᠷᠭᠡ ᠠᠵᠢᠯ ᠢ ᠴᠢᠩᠭᠠᠳᠬᠠᠨ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠢ ᠬᠡᠵᠠᠢ᠃                                                                                                                   ᠰᠤᠷᠪᠤᠯᠵᠢᠯᠠᠭᠴᠢ᠄ ᠠᠷᠢᠭᠤᠨ᠎ᠠ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ