ᠣᠷᠳᠣᠰ ᠨᠠᠷᠢᠨ ᠨᠤᠤᠰᠤᠳᠤ ᠬᠤᠨᠢ ᠶᠢ ᠠᠷᠠᠴᠢᠯᠠᠨ ᠲᠡᠵᠢᠭᠡᠬᠦ ᠮᠡᠷᠭᠡᠵᠢᠯ ᠤᠨ ᠪᠤᠯᠪᠠᠰᠤᠷᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2023/2/28
      ᠤᠶᠢᠷ᠎ᠠ ᠶᠢᠨ ᠡᠳᠤᠷ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠢᠨ ᠣᠷᠳᠣᠰ ᠨᠠᠷᠢᠨ ᠨᠤᠤᠰᠤᠳᠤ ᠬᠤᠨᠢ ᠶᠢ ᠠᠷᠠᠴᠢᠯᠠᠨ ᠲᠡᠵᠢᠭᠡᠬᠦ ᠵᠠᠩᠭᠢᠯᠠᠭ᠎ᠠ ᠶᠢᠨ ᠰᠢᠮ᠎ᠡ ᠲᠡᠵᠢᠭᠡᠯ ᠢ ᠲᠤᠬᠢᠷᠠᠭᠤᠯᠤᠨ ᠡᠵᠡᠮᠳᠡᠬᠦ ᠮᠡᠷᠭᠡᠵᠢᠯ ᠪᠤᠯᠤᠨ ᠲᠥᠯ ᠮᠠᠯ ᠤᠨ ᠤᠨᠳᠤᠷᠤᠯᠳᠠ ᠶᠢ ᠪᠠᠳᠤᠯᠠᠬᠤ ᠮᠡᠷᠭᠡᠵᠢᠯ ᠤᠨ ᠪᠤᠯᠪᠠᠰᠤᠷᠠᠯ ᠢ ᠡᠷᠬᠢᠯᠡᠪᠡ᠃ ᠪᠤᠯᠪᠠᠰᠤᠷᠠᠯ ᠳᠤ ᠮᠠᠨ ᠤ ᠬᠤᠰᠢᠭᠤᠨ ᠤ 6 ᠰᠤᠮᠤ ᠪᠠᠯᠭᠠᠰᠤ ᠶᠢᠨ ᠤᠷᠳᠤᠰ ᠨᠠᠷᠢᠨ ᠨᠤᠤᠰᠤᠳᠣ ᠬᠤᠨᠢ ᠮᠠᠯᠵᠢᠵᠤ ᠪᠠᠶᠢᠭ᠎ᠠ ᠲᠤᠰᠬᠠᠢ ᠡᠷᠤᠭᠡ ᠪᠤᠯᠤᠨ ᠦᠬᠡᠷ ᠮᠠᠯᠵᠢᠵᠤ ᠪᠠᠶᠢᠭ᠎ᠠ ᠲᠤᠰᠬᠠᠢ ᠡᠷᠤᠭᠡ ᠶᠢᠨ 80 ᠭᠠᠷᠤᠢ ᠮᠠᠯᠴᠢᠨ ᠤᠷᠤᠯᠴᠠᠪᠠ᠃ ᠪᠤᠯᠪᠠᠰᠤᠷᠠᠯ ᠳᠤ ᠦᠪᠦᠷ ᠮᠤᠩᠭᠤᠯ ᠤᠨ ᠲᠠᠷᠢᠶᠡᠯᠡᠩ ᠤᠨ ᠶᠡᠭᠡ ᠰᠤᠷᠭᠠᠭᠤᠯᠢ ᠶᠢᠨ ᠢᠪᠡᠭᠡᠯᠳᠤ ᠪᠠᠭᠰᠢ ᠶᠢ ᠤᠷᠢᠵᠤ ᠮᠠᠯᠴᠢᠳ ᠲᠤ ᠤᠷᠳᠤᠰ ᠨᠠᠷᠢᠨ ᠨᠤᠤᠰᠤᠳᠤ ᠬᠤᠨᠢᠨ ᠤ ᠰᠢᠮ᠎ᠡ ᠲᠡᠵᠢᠭᠡᠯ ᠢ ᠲᠤᠬᠢᠷᠠᠭᠤᠯᠬᠤ᠂ ᠢᠭᠢᠷᠡᠯᠡᠬᠦᠯᠬᠦ ᠮᠡᠷᠭᠡᠵᠢᠯ᠂ ᠬᠤᠷᠠᠭ᠎ᠠ ᠲᠡᠵᠢᠭᠡᠭᠦ ᠮᠡᠷᠭᠡᠵᠢᠯ᠂ ᠤᠷᠤᠨ ᠨᠣᠳᠤᠭ ᠤᠨ ᠡᠪᠡᠰᠤ ᠶᠢ ᠭᠡᠷᠬᠢᠨ ᠠᠰᠢᠭᠯᠠᠬᠤ ᠵᠡᠷᠭᠡ ᠲᠠᠯ᠎ᠠ ᠪᠠᠷ ᠲᠡᠶᠢᠯᠤᠮᠵᠢ ᠬᠢᠯᠬᠡᠬᠦ ᠶᠢᠨ ᠬᠠᠮᠲᠤ ᠮᠠᠯᠴᠢᠳ ᠰᠠᠨᠠᠯ ᠪᠤᠳᠣᠯ ᠢᠶᠠᠨ ᠴᠢᠯᠥᠭᠡᠳᠡᠢ ᠰᠤᠯᠢᠯᠴᠠᠭᠰᠠᠨ ᠪᠠᠶᠢᠨ᠎ᠠ᠃
      ᠪᠤᠯᠪᠠᠰᠤᠷᠠᠯ ᠤᠨ ᠲᠠᠷᠠᠭ᠎ᠠ ᠪᠦᠭᠦᠳᠡᠭᠡᠷ ᠪᠠᠶᠠᠨᠨᠠᠭᠤᠷ ᠬᠤᠳᠠ ᠶᠢᠨ ᠪᠧᠢ ᠴᠧᠨ ᠲᠡᠵᠢᠭᠡᠯ ᠪᠤᠷᠳᠤᠭᠠᠨ ᠤ ᠤᠶᠢᠯᠡᠳᠪᠤᠷᠢ ᠳᠤ ᠤᠴᠢᠵᠤ ᠲᠡᠵᠢᠭᠡᠯ ᠪᠤᠷᠳᠤᠭ᠎ᠠ ᠤᠶᠢᠯᠡᠳᠪᠤᠷᠢᠯᠡᠭᠦ ᠠᠷᠭ᠎ᠠ ᠪᠠᠷᠢᠯ᠂ ᠲᠦᠭᠦᠭᠡᠢ ᠮᠡᠲ᠋ᠧᠷᠢᠶᠠᠯ ᠰᠤᠩᠭᠤᠬᠤ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠳᠠ ᠬᠢᠵᠤ᠂ ︽ᠠᠯᠳᠠᠨ ᠲᠠᠯ᠎ᠠ ᠨᠤᠳᠤᠭ︾ ᠮᠢᠬᠠᠨ ᠬᠤᠨᠢ ᠲᠡᠵᠢᠭᠡᠨ ᠦᠷᠡᠵᠢᠬᠦᠯᠬᠦ ᠺᠤᠮᠫᠠᠨᠢ ᠪᠤᠯᠤᠨ ᠮᠢᠬᠠᠨ ᠬᠤᠨᠢ ᠠᠷᠠᠴᠢᠯᠠᠨ ᠲᠡᠵᠢᠭᠡᠵᠦ ᠪᠠᠶᠢᠭ᠎ᠠ ᠡᠷᠤᠭᠡ ᠪᠠᠷ ᠬᠦᠷᠴᠦ ᠬᠠᠰᠢᠶᠠᠯᠠᠨ ᠲᠡᠵᠢᠭᠡᠭᠦ᠂ ᠬᠢᠵᠢᠭ ᠢ ᠰᠡᠷᠭᠡᠶᠢᠯᠡᠬᠦ ᠵᠡᠷᠭᠡ ᠠᠷᠭ᠎ᠠ ᠲᠤᠷᠰᠢᠯᠭ᠎ᠠ ᠶᠢ ᠨᠢ ᠰᠤᠷᠤᠯᠴᠠᠭᠰᠠᠨ ᠪᠠᠶᠢᠨ᠎ᠠ᠃
 
                                             ᠰᠤᠷᠪᠤᠯᠵᠢᠯᠠᠭᠴᠢ᠄ ᠪᠤᠶᠠᠨᠳᠤ   ᠰᠤᠯᠤᠩᠭ᠎ᠠ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ