ᠤᠷᠳᠤᠰ ᠨᠠᠷᠢᠨ ᠨᠤᠤᠰᠤᠲᠤ ᠬᠤᠨᠢᠨ ᠤ ᠴᠢᠨᠠᠷ ᠰᠠᠶᠢᠲᠠᠢ ᠬᠥᠭᠵᠢᠯᠲᠡ
ᠨᠡᠶᠢᠲᠡᠯᠡᠭᠰᠡᠨ ᠴᠠᠭ᠄
2023/2/3
      ᠮᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠣᠷᠳᠣᠰ ᠨᠠᠷᠢᠨ ᠨᠣᠣᠰᠤᠲᠤ ᠬᠤᠨᠢᠨ ᠤ ᠠᠵᠤ ᠤᠶᠢᠯᠡᠰ ᠤᠨ ᠬᠥᠭᠵᠢᠯᠲᠡ ᠶᠢ ᠢᠮᠠᠭᠲᠠ ᠬᠦᠨᠳᠦᠳᠬᠡᠨ ᠦᠵᠡᠵᠦ᠂ ᠨᠡᠩ ᠴᠦ ᠣᠷᠴᠢᠮ ᠤᠨ ᠵᠢᠯ ᠠᠴᠠ᠂ ᠨᠠᠷᠢᠨ ᠨᠣᠣᠰᠤᠲᠤ ᠬᠤᠨᠢᠨ ᠤ ᠠᠵᠦ ᠤᠶᠢᠯᠡᠰ ᠢ ᠮᠠᠯ ᠲᠠᠷᠢᠶᠠᠯᠠᠩ ᠤᠨ ᠴᠢᠨᠠᠷᠵᠢᠭᠤᠨ ᠬᠦᠭᠵᠢᠯᠲᠡ ᠶᠢᠨ ᠰᠢᠨ᠎ᠡ ᠪᠠᠶᠢᠷᠢᠯᠠᠭᠤᠯᠤᠯᠲᠠ ᠶᠢᠨ ᠴᠢᠬᠤᠯᠠ ᠭᠤᠭᠴᠤᠭ᠎ᠠ ᠪᠣᠯᠭᠠᠪᠠ᠃ 2014 ᠣᠨ ᠠᠴᠠ ᠡᠬᠢᠯᠡᠵᠦ ᠂ ᠮᠠᠨ ᠤ ᠬᠤᠰᠢᠭᠤ  ᠨᠢ ᠡᠭᠦᠯᠲᠡᠷ ᠰᠠᠶᠢᠵᠢᠷᠠᠭᠤᠯᠤᠯᠲᠠ ᠶᠢᠨ ᠵᠣᠭᠰᠣᠩᠭᠤᠶᠢᠷᠠᠯ ᠢ ᠰᠢᠪᠳᠤᠯᠠᠵᠤ᠂ ᠣᠷᠳᠣᠰ ᠨᠠᠷᠢᠨ ᠨᠣᠣᠰᠤᠲᠤ ᠬᠤᠨᠢᠨ ᠤ ᠢᠬᠡᠷᠡᠯᠡᠭᠦᠯᠬᠦ ᠰᠢᠨ᠎ᠡ ᠮᠡᠷᠭᠡᠵᠢᠯ ᠢ ᠢᠳᠡᠪᠬᠢᠲᠠᠢ ᠡᠷᠢᠯᠬᠢᠯᠡᠪᠡ᠃ ᠳᠤᠷᠰᠢᠯᠲᠠ ᠶᠢᠨ ᠡᠷᠦᠭᠡ ᠶᠢᠨ ᠨᠠᠷᠢᠨ ᠨᠣᠣᠰᠤᠲᠤ ᠬᠤᠨᠢᠨ ᠤ ᠢᠬᠡᠷᠡᠯᠡᠬᠦ ᠨᠣᠷᠮ᠎ᠠ ᠨᠢ 10% ᠠᠴᠠ ᠳᠡᠭᠡᠭᠰᠢᠯᠡᠭᠡᠳ 53%  ᠳᠤ ᠭᠦᠷᠴᠦ᠂ ᠲᠦᠯ ᠲᠤᠰᠬᠤ ᠨᠣᠷᠮ᠎ᠠ ᠨᠢ 40% ᠳᠡᠭᠡᠭᠰᠢᠯᠡᠵᠦ᠂ ᠡᠷᠦᠬᠡ ᠳᠤᠮᠳᠠᠴᠢ ᠶᠢᠨ ᠨᠠᠷᠢᠨ ᠨᠣᠣᠰᠤᠲᠤ ᠬᠤᠨᠢᠨ ᠤ ᠴᠡᠪᠡᠷ ᠠᠰᠢᠭ ᠣᠷᠣᠯᠭ᠎ᠠ ᠨᠢ 11200 ᠲᠥᠭᠦᠷᠢᠭ ᠨᠡᠮᠡᠭᠳᠡᠪᠡ᠃      ᠮᠠᠨ ᠤ ᠬᠤᠰᠢᠭᠤ ᠨᠢ ᠣᠷᠳᠣᠰ ᠨᠠᠷᠢᠨ ᠨᠣᠣᠰᠤᠲᠣ ᠬᠤᠨᠢᠨ ᠤ ︽ᠨᠣᠣᠰᠤ ᠶᠢ ᠪᠠᠳᠤᠯᠠᠨ ᠮᠢᠬ᠎ᠠ ᠶᠢ ᠨᠡᠮᠡᠭᠳᠡᠭᠦᠯᠬᠦ︾ ᠬᠦᠭᠵᠢᠯᠲᠠ ᠶᠢᠨ ᠱᠠᠭᠠᠷᠳᠠᠯᠭ᠎ᠠ  ᠳᠤ ᠰᠠᠭᠤᠷᠢᠯᠠᠨ᠂ 2015 ᠣᠨ ᠳᠤ ᠣᠷᠳᠣᠰ ᠨᠠᠷᠢᠨ ᠨᠣᠣᠰᠤᠲᠤ ᠬᠤᠨᠢᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠰᠢᠨᠵᠢᠯᠡᠭᠡ ᠰᠤᠳᠤᠯᠭᠠᠨ ᠤ ᠪᠠᠶᠢᠭᠤᠯᠤᠮᠵᠢ᠂ ᠮᠡᠷᠭᠡᠵᠢᠯᠳᠡᠨ ᠤ ᠪᠥᠯᠬᠦᠮ ᠲᠠᠢ ᠤᠷᠳᠤ ᠬᠤᠭᠤᠴᠠᠭ᠎ᠠ ᠪᠠᠷ ᠬᠠᠮᠳᠤᠷᠠᠯᠴᠠᠨ᠂ ᠡᠪᠡᠰᠦᠨ ᠤ ᠰᠢᠮ᠎ᠡ ᠲᠡᠵᠢᠭᠡᠯ ᠢ ᠲᠣᠬᠢᠷᠠᠭᠤᠯᠤᠨ ᠡᠵᠡᠮᠳᠡᠬᠦ᠂ ᠡᠷᠦᠳᠡᠰᠦ ᠪᠣᠳᠠᠰ ᠤᠨ ᠨᠠᠮᠡᠯᠲᠠ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠤ ᠦᠷ᠎ᠡ ᠪᠥᠳᠦᠭᠡᠯ ᠤᠨ ᠬᠡᠷᠡᠭᠵᠢᠭᠦᠯᠦᠯᠲᠠ ᠲᠤᠤᠷ᠎ᠠ᠂ ᠣᠷᠳᠣᠰ ᠨᠠᠷᠢᠨ ᠨᠣᠣᠰᠤᠲᠤ ᠬᠤᠨᠢᠨ ᠤ ᠢᠬᠡᠷᠡᠯᠡᠯᠲᠠ ᠶᠢᠨ ᠨᠣᠷᠮ᠎ᠠ ᠤᠯᠠᠮ ᠨᠢᠭᠡ ᠠᠯᠬᠤᠮ ᠳᠡᠭᠡᠭᠰᠢᠯᠡᠵᠦ᠂ 2018 ᠣᠨ ᠳᠤ ᠂ ᠮᠠᠨ ᠤ ᠬᠤᠰᠢᠭᠤᠨ ᠤ ᠪᠠᠨ ᠨᠤᠳᠤᠭ ᠪᠡᠯᠴᠢᠭᠡᠷ᠂ ᠡᠭᠦᠯᠳᠡᠷ ᠪᠣᠶᠢᠵᠢᠭᠤᠯᠤᠯᠲᠠ᠂ ᠤᠶᠢᠯᠡᠳᠪᠦᠷᠢᠯᠡᠯ ᠤᠨ ᠪᠣᠳᠠᠳᠤ ᠪᠠᠶᠢᠳᠠᠯ ᠢ ᠦᠨᠳᠦᠰᠦᠯᠡᠵᠦ᠂ ᠣᠷᠳᠣᠰ ᠨᠠᠷᠢᠨ ᠨᠣᠣᠰᠤᠲᠤ ᠬᠤᠨᠢᠨ ᠤ ︽ᠨᠤᠤᠰᠤᠨ ᠤ ᠨᠠᠷᠢᠴᠠ︾ ︽ᠢᠬᠡᠷᠡᠯᠡᠬᠦ ᠨᠤᠷᠮ᠎ᠠ ᠪᠠᠷ ᠦᠨᠳᠦᠷ︾ ᠭᠡᠬᠦ ᠰᠢᠨ᠎ᠡ ᠡᠭᠦᠯᠳᠡᠷ ᠢ ᠪᠣᠶᠢᠵᠢᠭᠤᠯᠬᠤ ᠠᠵᠢᠯ ᠢ ᠦᠷᠨᠢᠭᠦᠯᠦᠭᠰᠡᠨ ᠪᠠᠶᠢᠨ᠎ᠡ᠃ ᠡᠭᠦᠨ ᠤ ᠬᠠᠮᠲᠤ ᠬᠤᠶᠠᠷ ᠵᠢᠯ ᠳᠤ ᠭᠤᠷᠪᠠ ᠬᠤᠷᠠᠭᠠᠯᠠᠬᠤ᠂ ᠣᠷᠳᠣᠰ ᠨᠠᠷᠢᠨ ᠨᠣᠣᠰᠤᠲᠤ ᠬᠤᠨᠢᠨ ᠤ ᠬᠤᠷᠠᠭ᠎ᠠ ᠪᠣᠷᠳᠣᠨ ᠲᠠᠷᠭᠤᠯᠠᠭᠤᠯᠬᠤ ᠵᠡᠷᠭᠡ ᠲᠤᠷᠰᠢᠯᠲᠠ ᠶᠢ ᠶᠠᠪᠤᠭᠳᠠᠭᠤᠯᠵᠤ᠂ ᠣᠷᠳᠣᠰ ᠨᠠᠷᠢᠨ ᠨᠣᠣᠰᠤᠲᠤ ᠬᠤᠨᠢᠨ ᠤ ᠤᠶᠢᠯᠡᠳᠪᠦᠷᠢᠯᠡᠯ ᠤᠨ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠳᠦᠰ ᠨᠠᠷᠢᠨ ᠨᠣᠣᠰᠤᠲᠤ ᠬᠤᠨᠢᠨ ᠤ ᠠᠵᠦ ᠤᠶᠢᠯᠡᠰ ᠤᠨ ᠬᠡᠪᠴᠢᠶᠡᠵᠢᠭᠰᠡᠨ ᠤᠶᠢᠯᠡᠳᠪᠦᠷᠢᠯᠡᠯ᠂ ᠰᠢᠨᠵᠢᠯᠡᠬᠦ ᠤᠬᠠᠭᠠᠨᠴᠢ ᠬᠠᠮᠢᠶᠠᠷᠦᠯᠲᠠ ᠂ ᠪᠠᠷᠢᠮᠵᠢᠶᠠᠵᠢᠭᠰᠠᠨ ᠮᠠᠯᠵᠢᠯ ᠪᠦᠬᠦᠢ ᠴᠢᠨᠠᠷ ᠰᠠᠶᠢᠲᠠᠢ ᠬᠦᠭᠵᠢᠯᠲᠠ ᠶᠢᠨ ᠬᠡᠪ ᠮᠠᠶ᠋ᠢᠭ ᠢ ᠦᠨᠳᠦᠰᠦᠨ ᠳᠤᠨᠢ ᠪᠥᠷᠢᠯᠳᠦᠭᠦᠯᠪᠠ᠃      ᠣᠳᠣᠬᠠᠨ ᠳᠤ ᠪᠦᠬᠦ ᠬᠤᠰᠢᠭᠤᠨ ᠤ ᠨᠠᠷᠢᠨ ᠨᠣᠣᠰᠤᠲᠤ ᠬᠤᠨᠢᠨ ᠲᠤᠭ᠎ᠠ ᠲᠣᠯᠤᠭᠠᠢ 120 ᠲᠥᠮᠡ ᠬᠦᠷᠴᠦ᠂ ᠵᠢᠯ ᠤᠨ ᠭᠠᠷᠭᠠᠯᠲᠠ ᠨᠢ 50 ᠲᠥᠮᠡᠨ ᠲᠣᠯᠤᠭᠠᠢ ᠳᠤ ᠭᠦᠷᠴᠤ᠂ ᠨᠠᠷᠢᠨ ᠨᠣᠣᠰᠤᠲᠤ ᠬᠤᠨᠢᠨ ᠠᠬᠠᠷ 4000 ᠭᠠᠷᠦᠢ ᠲᠤᠨ᠂ ᠬᠤᠨᠢᠨ ᠮᠢᠬ᠎ᠠ 10000 ᠭᠠᠷᠤᠢ ᠲᠤᠨ ᠂ ᠠᠷᠠᠰᠦ 50 ᠲᠥᠮᠡ ᠭᠠᠷᠦᠢ ᠬᠡᠰᠡᠭ ᠪᠣᠯᠣᠭᠰᠠᠨ ᠪᠠᠶᠢᠨ᠎ᠡ᠃ ᠣᠳᠣ ᠣᠷᠳᠣᠰ ᠨᠠᠷᠢᠨ ᠨᠣᠣᠰᠤᠲᠤ ᠬᠤᠨᠢ ᠮᠠᠯᠵᠢᠵᠦ ᠪᠠᠶᠢᠭ᠎ᠠ ᠡᠷᠦᠬᠡ 12000 ᠭᠠᠷᠦᠢ ᠬᠦᠷᠴᠤ ᠣᠷᠳᠣᠰ ᠨᠠᠷᠢᠨ ᠨᠣᠣᠰᠤᠲᠤ ᠬᠤᠨᠢᠨ ᠤ ᠠᠵᠦ ᠤᠶᠢᠯᠡᠰ ᠤᠨ ᠲᠣᠯᠤᠭᠠᠶᠢᠯᠠᠭᠴᠢ ᠠᠵᠦ ᠠᠬᠤᠶᠢᠯᠠᠯ 5᠂ ᠣᠷᠳᠣᠰ ᠨᠠᠷᠢᠨ ᠨᠣᠣᠰᠤᠲᠤ ᠬᠤᠨᠢᠨ ᠤ ᠠᠵᠦ ᠤᠶᠢᠯᠡᠰᠵᠢᠯᠲᠡ  ᠶᠢᠨ ᠬᠤᠯᠪᠤᠭᠠᠲᠤ ᠴᠣᠭᠴᠠ 2᠂ ᠠᠬᠠᠷ ᠬᠤᠷᠢᠶᠠᠨ ᠬᠠᠳᠠᠭᠠᠯᠠᠬᠤ ᠥᠷᠳᠡᠭᠡ 18᠂ ᠲᠤᠰᠬᠠᠢ ᠬᠤᠷᠰᠢᠶᠠᠵᠢᠯ 103᠂ ᠵᠢᠯ ᠤᠨ ᠡᠭᠦᠳᠦᠭᠰᠡᠨ ᠠᠵᠦ ᠠᠬᠤᠢ  ᠶᠢᠨ ᠦᠷ᠎ᠡ ᠠᠰᠢᠭ 7.6 ᠳ᠋ᠦᠩᠰᠢᠭᠤᠷ ᠲᠥᠭᠦᠷᠢᠭ ᠲᠤ ᠬᠦᠷᠴᠦ᠂ 60% ᠳᠡᠭᠡᠭᠰᠢᠬᠢ ᠮᠠᠯᠴᠢᠨ ᠲᠠᠷᠢᠶᠠᠴᠢᠳ ᠢ ᠲᠠᠶᠢᠴᠢᠯᠠᠨ ᠮᠠᠯᠵᠢᠯ ᠤᠨ ᠣᠷᠣᠯᠭ᠎ᠠ ᠶᠢᠨ ᠲᠣᠭᠳᠠᠭᠤᠨ ᠨᠡᠮᠡᠭᠳᠡᠯ ᠢ ᠪᠡᠶᠡᠯᠡᠭᠦᠯᠬᠦ᠂ ᠮᠠᠯᠴᠢᠨ ᠲᠠᠷᠢᠶᠠᠴᠢᠳ ᠤᠨ ᠬᠦᠮᠦᠨ ᠲᠤᠮᠳᠠᠴᠢ ᠶᠢᠨ ᠬᠤᠪᠢᠶᠠᠷᠢᠯᠠᠵᠦ ᠪᠣᠯᠬᠤ ᠣᠷᠣᠯᠭ᠎ᠠ ᠶᠢᠨ ᠨᠡᠮᠡᠭᠳᠠᠯ ᠣᠯᠠᠨ ᠵᠢᠯ ᠳᠠᠷᠠᠭᠠᠯᠠᠨ 10% ᠠᠴᠠ ᠳᠡᠭᠡᠭᠰᠢ ᠭᠦᠷᠴᠦ᠂ ᠶᠠᠳᠠᠭᠤ ᠭᠦᠴᠢᠷᠳᠡᠯᠲᠠᠢ ᠡᠷᠦᠭᠡ ᠶᠢᠨ ᠡᠷᠦᠬᠡ ᠲᠤᠮᠳᠠᠴᠢ ᠶᠢᠨ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠪᠡ᠃      ᠤᠶᠢᠷ᠎ᠠ ᠶᠢᠨ ᠵᠢᠯ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠳᠡᠮᠵᠢᠯᠭᠡ ᠲᠤᠤᠷ᠎ᠠ᠂ ᠣᠷᠳᠣᠰ ᠨᠠᠷᠢᠨ ᠨᠣᠣᠰᠤᠲᠤ ᠬᠤᠨᠢᠨ  ᠤ ᠠᠵᠦ ᠤᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢᠨ ᠵᠢᠱᠢᠶ᠎ᠡ ᠦᠵᠡᠭᠦᠯᠬᠦ ᠲᠥᠷᠦᠯ ᠵᠦᠢᠯ ᠢ ᠡᠷᠴᠢᠲᠠᠢ ᠭᠡᠷᠡᠭᠵᠢᠭᠦᠯᠵᠦ᠂ ᠲᠠᠯ᠎ᠠ ᠨᠣᠳᠤᠭ ᠤᠨ ᠠᠮᠢ ᠠᠬᠤᠢ᠂ ᠰᠢᠯᠢᠳᠡᠭ ᠡᠭᠦᠯᠳᠡᠷ ᠤᠨ ᠪᠤᠶᠢᠵᠢᠭᠤᠯᠤᠯᠲᠠ᠂ ᠦᠨᠳᠦᠷ ᠦᠷ᠎ᠡ ᠠᠰᠢᠭᠲᠤ ᠦᠷᠡᠵᠢᠯ᠂ ᠳᠠᠭᠤᠷᠢᠶᠠᠯ ᠦᠵᠡᠭᠦᠯᠬᠦ ᠮᠠᠯᠵᠢᠯ ᠤᠨ ᠲᠠᠯᠠᠪᠠᠢ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠤᠨ ᠬᠢᠷᠢ ᠬᠡᠮᠵᠢᠶᠡᠨ ᠤ ᠳᠡᠭᠡᠭᠰᠢᠯᠡᠭᠦᠯᠦᠯᠲᠡ᠂ ᠨᠠᠶᠢᠬᠡᠮᠴᠢᠯᠡᠭᠰᠡᠨ ᠤᠶᠢᠯᠡᠴᠢᠯᠡᠭᠡᠨ ᠤ ᠰᠢᠨᠡᠴᠢᠯᠡᠯᠲᠠ᠂ ᠨᠠᠷᠡᠲᠦ ᠲᠡᠮᠳᠡᠭ ᠤᠨ ᠪᠠᠶᠢᠭᠤᠯᠤᠯᠲᠠ᠂ ᠪᠥᠳᠦᠭᠡᠭᠳᠡᠭᠦᠨ ᠤ ᠨᠠᠷᠢᠯᠢᠭ ᠭᠦᠨ ᠤᠶᠢᠯᠡᠳᠪᠤᠷᠢᠯᠡᠯᠲᠡ ᠵᠡᠷᠭᠡ ᠲᠠᠯ᠎ᠠ ᠠᠴᠠ ᠣᠷᠳᠣᠰ ᠨᠠᠷᠢᠨ ᠨᠣᠣᠰᠤᠲᠣ ᠬᠤᠨᠢᠨ ᠤ ᠠᠵᠦ ᠤᠶᠢᠯᠡᠰ ᠤᠨ ᠠᠮᠢ ᠠᠬᠤᠢ ᠶᠢᠨ ᠵᠠᠰᠠᠯᠲᠠ᠂ ᠠᠵᠦ ᠤᠶᠢᠯᠡᠰ ᠤᠨ ᠬᠦᠭᠵᠢᠯᠲᠡ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠷᠭᠠᠨᠢᠭ ᠢᠶᠠᠷ ᠤᠶᠠᠯᠳᠤᠭᠤᠯᠤᠭᠰᠠᠨ ᠴᠢᠨᠠᠷ ᠰᠠᠶᠢᠲᠠᠢ ᠬᠦᠭᠵᠢᠯᠲᠡ ᠶᠢᠨ ᠬᠡᠪ ᠮᠠᠶ᠋ᠢᠭ ᠢ ᠪᠥᠷᠢᠯᠳᠦᠭᠦᠯᠪᠡ᠃
ᠢᠷᠡᠯᠲᠡ᠄ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ