︽ᠦᠤᠰᠢᠨ ᠬᠤᠰᠢᠭᠤᠨ ᠤ ᠠᠷᠪᠠᠨ ᠨᠠᠢᠮᠡᠳᠤᠭᠠᠷ ᠬᠤᠭᠤᠴᠠᠭᠠᠨ ᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ | ᠬᠤᠷᠠᠯ ᠲᠡᠭᠡᠷ᠎ᠡ ᠬᠤᠰᠢᠭᠤ ᠲᠠᠷᠤᠭ᠎ᠠ ᠰᠢᠨ᠎ᠡ ᠲᠠᠷᠤᠭ᠎ᠠ ᠠᠴᠠ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠬᠢᠵᠠᠢ᠃ ᠵᠠᠰᠠᠭ ᠤᠨ ᠤᠷᠳᠤᠨ ᠤ ᠠᠵᠢᠯ ᠤᠨ | ᠢᠯᠡᠳᠭᠡᠯ ᠨᠢ 2022 ᠣᠨ ᠤ ᠠᠵᠢᠯ ᠢᠶᠠᠨ ᠳ᠋ᠦᠩᠨᠡᠵᠦ 2023 ᠣᠨ ᠤ ᠠᠵᠢᠯ ᠢᠶᠠᠨ ᠪᠠᠶᠢᠷᠢᠯᠠᠭᠤᠯᠤᠨ ᠵᠠᠰᠠᠭ ᠤᠨ ᠤᠷᠳᠤᠨ ᠤ ᠲᠤᠰ ᠪᠡᠶ᠎ᠡ ᠶᠢᠨ | ᠪᠠᠶᠢᠭᠤᠯᠤᠯᠳᠠ ᠬᠡᠬᠦ ᠭᠤᠷᠪᠠᠨ ᠭᠡᠰᠡᠭ ᠢᠶᠠᠷ ᠪᠦᠷᠢᠯᠳᠦᠭᠰᠡᠨ ᠪᠠᠶᠢᠨ᠎ᠠ᠃ ᠲᠤᠰ ᠢᠯᠡᠳᠭᠡᠯ ᠨᠢ ᠠᠭᠤᠯᠭ᠎ᠠ ᠪᠠᠷ ᠪᠠᠶᠠᠯᠢᠭ᠂ ᠲᠤᠳᠤᠷᠬᠠᠢ᠂ ᠵᠤᠭᠰᠤᠴᠠ ᠦᠨᠳᠤᠷ᠂ | ᠤᠨᠤᠯᠵᠢᠬᠤᠨ ᠲᠤᠳᠤᠷᠬᠠᠢ᠂ ᠰᠡᠳᠬᠢᠯ ᠳᠤ ᠬᠠᠨᠤᠮᠵᠢᠳᠠᠢ ᠪᠤᠯᠤᠯ᠎ᠠ᠃ ᠨᠡᠩ ᠢᠯᠡᠩᠭᠤᠶ᠎ᠠ ᠪᠢ ᠨᠢᠬᠡᠨ ᠰᠤᠷᠭᠠᠨ ᠬᠦᠮᠦᠵᠢᠯ ᠤᠨ ᠰᠢᠰᠲ᠋ᠧᠮ ᠤᠨ ᠠᠷᠠᠳ ᠤᠨ | ᠲᠦᠯᠥᠭᠡᠯᠡᠭᠴᠢ ᠪᠤᠯᠤᠭᠰᠠᠨ ᠤ ᠬᠤᠪᠢ ᠳᠤ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠪᠥᠭᠦ ᠲᠠᠯ᠎ᠠ ᠪᠠᠷ ᠲᠤᠭᠤᠰᠢᠯᠠᠭᠤᠯᠤᠨ ᠭᠡᠷᠡᠭᠵᠢᠭᠦᠯᠵᠦ | ᠮᠤᠷᠠᠯ ᠢᠶᠠᠷ ᠬᠦᠮᠦᠨ ᠢ ᠬᠦᠮᠦᠵᠢᠭᠦᠯᠭᠦ ᠦᠨᠳᠤᠰᠤᠨ ᠡᠭᠦᠷᠭᠡ ᠶᠢ ᠪᠠᠳᠤᠯᠠᠨ ︽ᠬᠤᠶᠠᠷ ᠢ ᠬᠦᠡᠭᠬᠡᠷᠡᠭᠦᠯᠭᠦ︾ ᠲᠦᠷᠥ ᠶᠢᠨ ᠪᠤᠳᠣᠯᠭ᠎ᠠ᠂ ᠲᠠᠪᠤᠨ ᠲᠠᠯ᠎ᠠ ᠶᠢᠨ | ᠬᠠᠮᠢᠶᠠᠷᠤᠯᠳᠠ ᠶᠢ ᠴᠢᠩᠭ᠎ᠠ ᠨᠢᠮᠪᠠᠢ ᠭᠡᠷᠡᠭᠵᠢᠭᠦᠯᠵᠦ ᠰᠤᠷᠭᠠᠨ ᠬᠦᠮᠦᠵᠢᠯ ᠤᠨ ᠲᠡᠩᠴᠡᠭᠦᠷᠢᠳᠡᠢ ᠭᠦᠭᠵᠢᠯᠳᠡ᠂ ᠰᠤᠷᠤᠭᠴᠢ ᠶᠢᠨ ᠪᠥᠭᠦ ᠲᠠᠯ᠎ᠠ ᠶᠢᠨ ᠬᠦᠭᠵᠢᠯᠳᠡ᠂ | ᠬᠢᠴᠢᠶᠠᠯ ᠤᠨ ᠲᠢᠩᠬᠢᠮ ᠤᠨ ᠵᠢᠭᠠᠨ ᠰᠤᠷᠭᠠᠯᠳᠠ᠂ ᠪᠠᠭᠰᠢ ᠶᠢᠨ ᠡᠩᠨᠡᠭᠡᠨ ᠤ ᠪᠦᠳᠤᠭᠡᠨ ᠪᠠᠶᠢᠭᠤᠯᠤᠯᠳᠠ ᠵᠡᠷᠭᠡ ᠶᠢ ᠪᠥᠭᠦ ᠲᠠᠯ᠎ᠠ ᠪᠠᠷ ᠠᠳᠬᠤᠵᠦ | ᠰᠢᠰᠲ᠋ᠧᠮᠵᠢᠭᠦᠯᠦᠨ ᠪᠥᠭᠦ ᠪᠠᠭᠰᠢ ᠪᠠᠨ ᠲᠠᠶᠢᠴᠢᠯᠠᠵᠤ ᠰᠡᠳᠬᠢᠯ ᠬᠠᠨᠤᠮᠵᠢᠳᠡᠢ ᠰᠤᠷᠭᠠᠭᠤᠯᠢ ᠶᠢ ᠪᠦᠳᠤᠭᠡᠨ ᠪᠠᠶᠢᠭᠤᠯᠬᠤ ᠪᠠᠷ ᠴᠢᠷᠮᠠᠶᠢᠶ᠎ᠠ ᠭᠡᠵᠦ ᠪᠤᠳᠤᠵᠤ ᠪᠠᠶᠢᠨ᠎ᠠ | ︾ ᠭᠡᠪᠡ᠃ | | | | | — ᠦᠤᠰᠢᠨ ᠬᠤᠰᠢᠭᠤᠨ ᠤ ᠠᠷᠪᠠᠨ ᠨᠠᠢᠮᠡᠳᠤᠭᠠᠷ ᠬᠤᠭᠤᠴᠠᠭᠠᠨ ᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠤᠳᠠᠭᠠᠨ ᠤ ᠬᠤᠷᠠᠯ ᠲᠡᠭᠡᠷ᠎ᠡ | | |