ᠠᠷᠠᠳ ᠤᠨ ᠲᠥᠯᠦᠭᠡᠯᠡᠭᠴᠢ ᠲᠡᠷᠭᠡᠯ᠄ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠤᠨ ᠲᠤᠭᠤᠷᠢᠨ ᠳᠤ ᠠᠵᠢᠯ ᠢᠶᠠᠨ ᠰᠠᠶᠢᠲᠤᠷ ᠦᠷᠨᠢᠬᠦᠯᠦᠨ᠎ᠡ
ᠨᠡᠶᠢᠲᠡᠯᠡᠭᠰᠡᠨ ᠴᠠᠭ᠄
2023/2/6
       ︽ᠦᠳᠡ ᠶᠢᠨ ᠡᠮᠤᠨ᠎ᠠ ᠰᠢᠨ᠎ᠡ ᠬᠤᠰᠢᠭᠤ ᠲᠠᠷᠤᠭ᠎ᠠ ᠶᠢᠨ ᠬᠢᠭᠰᠡᠨ ᠠᠵᠢᠯ ᠤᠨ ᠢᠯᠡᠳᠭᠡᠯ ᠨᠢ ᠪᠥᠭᠦ ᠬᠤᠰᠢᠭᠤᠨ ᠤ ᠭᠤᠤᠯᠳᠠᠯᠠᠭ᠎ᠠ ᠲᠠᠢ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠵᠦ ᠬᠦᠭᠵᠢᠯᠳᠡ ᠶᠢᠨ ᠵᠦᠭ ᠴᠢᠭᠯᠡᠯ ᠢ ᠵᠢᠭᠠᠵᠤ ᠦᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠮᠠᠨ ᠤ ᠰᠢᠷᠬᠤᠰᠤᠨ ᠪᠠᠯᠭᠠᠰᠤ ᠪᠤᠳᠠᠳᠤ ᠪᠠᠶᠢᠳᠠᠯ ᠢᠶᠠᠨ ᠦᠨᠳᠤᠰᠤᠯᠠᠵᠦ ᠪᠠᠶᠢᠭᠠᠳ ᠭᠤᠷᠪᠠᠨ ᠲᠠᠯ᠎ᠠ  ᠪᠠᠷ ᠠᠵᠢᠯ ᠢᠶᠠᠨ ᠬᠢᠶ᠎ᠡ ᠭᠡᠵᠦ ᠪᠤᠳᠤᠵᠤ ᠪᠠᠶᠢᠨ᠎ᠠ᠃ ᠨᠢᠭᠡ ᠳᠤ᠂ ︿ᠪᠤᠷᠤᠳᠤᠬᠤᠢ ᠬᠦᠮᠦᠨ﹀ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠣᠰ ᠤᠨ ᠶᠠᠷᠢᠯᠴᠠᠭᠠᠨ ᠤ ᠲᠠᠪᠴᠠᠩ ᠢ ᠰᠡᠶᠢᠳᠤᠷ ᠬᠢᠵᠦ ︿ᠪᠤᠷᠤᠳᠤᠬᠤᠢ ᠬᠦᠮᠦᠨ﹀ ᠭᠡᠭᠦ ᠨᠡᠷᠡᠳᠤ ᠲᠡᠮᠳᠡᠭ ᠢ ᠪᠤᠢ ᠪᠤᠯᠭᠠᠬᠤ ᠶᠢᠨ ᠲᠠᠭᠠᠤ ᠰᠢᠷᠬᠤᠰᠤᠨ ᠭᠤᠣᠯ ᠤᠨ ᠰᠤᠶᠤᠯ ᠵᠢᠭᠤᠯᠴᠢᠯᠠᠯ ᠤᠨ ᠤᠶᠢᠯᠡᠰ ᠢ ᠬᠦᠭᠵᠢᠭᠦᠯᠦᠨ᠎ᠡ᠃ ᠬᠤᠶᠠᠷ ᠲᠤ᠂ ᠮᠠᠯ ᠲᠠᠷᠢᠶᠠᠯᠠᠩ ᠤᠨ ᠤᠶᠢᠯᠡᠰ ᠢ ᠰᠢᠯᠢᠳᠡᠭᠵᠢᠭᠦᠯᠭᠦ ᠲᠠᠯ᠎ᠠ ᠪᠠᠷ ᠬᠦᠴᠦᠯᠡᠵᠦ᠂ ᠠᠮᠤ ᠪᠤᠳᠠᠭᠠᠨ ᠤ ᠡᠯᠪᠡᠭ ᠬᠤᠷᠢᠶᠠᠯᠳᠠ ᠶᠢ ᠪᠠᠲᠤᠯᠠᠬᠰᠠᠨ ᠤ ᠰᠠᠭᠤᠷᠢᠨ ᠳᠡᠭᠡᠷ᠎ᠡ ᠡᠪᠡᠰᠤᠨ ᠪᠤᠷᠳᠤᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠭᠤᠷᠪᠠ ᠳᠤ᠂ ᠵᠠᠮ᠂ ᠴᠠᠬᠢᠯᠭᠠᠨ᠂ ᠪᠠᠶᠢᠭᠠᠯᠢ ᠶᠢᠨ ᠰᠢᠳᠡᠮᠠᠬᠠᠢ ᠬᠡᠢ ᠵᠡᠷᠭᠡ ᠰᠠᠭᠤᠷᠢ ᠲᠦᠭᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠲᠡᠭᠡᠷ᠎ᠡ ᠬᠦᠴᠦᠯᠠᠵᠦ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠭᠦᠯᠦᠨ᠎ᠡ︾ ᠭᠡᠵᠦ ᠪᠠᠶᠢᠪᠠ᠃      — ᠦᠤᠰᠢᠨ ᠬᠤᠰᠢᠭᠤᠨ ᠤ ᠠᠷᠪᠠᠨ ᠨᠠᠢᠮᠡᠳᠤᠭᠠᠷ ᠬᠤᠭᠤᠴᠠᠭᠠᠨ ᠤ ᠠᠷᠡᠳ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠲᠡᠭᠡᠷ᠎ᠡ 
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ