ᠸᠠᠩ ᠵᠢᠶᠠᠨ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠴᠢᠬᠤᠯᠠᠴᠢᠯᠠᠬᠤ ᠳᠤ ᠪᠠᠨ ᠴᠠᠭ ᠲᠣᠬᠢᠶᠠᠯ ᠢ ᠠᠮᠵᠢᠨ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠪᠡ
ᠨᠡᠶᠢᠲᠡᠯᠡᠭᠰᠡᠨ ᠴᠠᠭ᠄
2023/2/9
      2 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠵᠢᠶᠠᠨ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠠᠬᠢᠭᠤᠯᠤᠯᠲᠠ ᠶᠢᠨ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠰᠢᠭᠤ ᠤᠳᠤᠷᠢᠳᠤᠯᠭ᠎ᠠ ᠯᠢ ᠵᠥᠩ ᠯᠢᠨ᠂ ᠵᠠᠩ ᡁᠢ ᠰᠢᠦ᠋ᠩ᠂ ᠵᠧᠦ ᠱᠤᠸᠠᠢ᠂ ᠮᠠ ᠶᠠ ᠳ᠋ᠦᠩ᠂ ᠰᠢᠶᠣᠣ ᡁᠢ ᠺᠤᠸᠠᠨ᠂ ᠺᠠᠩ ᠷᠦᠢ ᠵᠢᠴᠢ ᠬᠤᠰᠢᠭᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
1.jpg     
      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠤᠨ ᠭᠠᠳᠠᠭᠰᠢ ᠭᠠᠷᠴᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂᡽ᠪᠡᠭᠡᠵᠢᠩ ᠳᠤ ᠭᠥᠷᠴᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠵᠣᠯᠭᠠᠭᠤᠯᠤᠭᠰᠠᠨ ᠪᠠᠶᠢᠳᠠᠯ ᠪᠠ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠭᠦᠷᠭᠡ ᠶᠢ ᠵᠠᠳᠠᠯᠬᠤ ᠲᠥᠰᠥᠯ ᠢ ᠵᠠᠷᠯᠠᠪᠠ᠃ 2023 ᠣᠨ ᠤ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠵᠡᠩᠨᠡᠭᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠢᠴᠢ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠵᠥᠪᠯᠡᠬᠦ ᠵᠦᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠬᠤ ᠲᠠᠯ᠎ᠠ ᠪᠠᠷ ᠪᠠᠶᠢᠷᠢᠯᠠᠭᠤᠯᠤᠯᠳᠠ ᠲᠣᠬᠢᠷᠠᠭᠤᠯᠤᠯᠲᠠ ᠭᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠤᠨ ᠭᠠᠳᠠᠭᠰᠢ ᠭᠠᠷᠴᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠮᠠᠨ ᠤ ᠬᠤᠰᠢᠭᠤᠨ ᠤ ︽ᠭᠤᠷᠪᠠ ᠳᠥᠷᠪᠡ ᠳᠥᠷᠪᠡ︾ ᠶᠢᠨ ᠬᠥᠭᠵᠢᠯᠲᠡ ᠶᠢᠨ ᠬᠠᠷᠠᠯᠲᠠ ᠳᠤ ᠰᠠᠭᠤᠷᠢᠯᠠᠨ ᠠᠵᠤ ᠦᠢᠯᠡᠰ ᠤᠨ ᠠᠷᠭ᠎ᠠ ᠪᠣᠳᠣᠯᠭ᠎ᠠ᠂ ᠲᠥᠷᠥᠯ ᠵᠦᠢᠯ ᠤᠨ ᠲᠥᠰᠥᠪᠯᠡᠯ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠯᠥᠪᠯᠡᠭᠡ ᠶᠢ ᠰᠠᠶᠢᠲᠤᠷ ᠬᠢᠵᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠤᠨ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠨᠠᠩ ᠣᠯᠠᠨ ᠰᠢᠪᠲᠤᠯᠤᠯᠲᠠ ᠶᠢᠨ ᠴᠢᠨᠠᠷᠲᠠᠢ ᠠᠬᠢᠴᠠ ᠲᠠᠢ ᠪᠣᠯᠬᠤ ᠶᠢ ᠪᠠᠳᠤᠯᠠᠬᠤ ᠭᠡᠷᠡᠭᠳᠡᠢ᠃ ᠨᠢᠭᠡᠨᠲᠡ ᠲᠣᠭᠲᠠᠭᠠᠭᠰᠠᠨ ᠲᠦᠷᠦᠯ ᠵᠦᠢᠯ᠂ ᠨᠢᠭᠡᠨᠲᠡ ᠰᠠᠨᠠᠮᠵᠢ ᠲᠠᠢ ᠪᠤᠯᠤᠭᠰᠠᠨ ᠲᠦᠷᠦᠯ ᠵᠦᠢᠯ ᠢ ᠪᠦᠷᠢᠳᠬᠡᠨ ᠠᠵᠤ ᠠᠬᠤᠶᠢᠯᠠᠯ ᠲᠠᠢ ᠨᠡᠪᠲᠡᠷᠡᠯᠴᠡᠵᠦ ᠲᠦᠷᠦᠯ ᠵᠦᠢᠯ ᠤᠨ ᠭᠡᠷ᠎ᠡ ᠲᠣᠭᠲᠠᠬᠤ ᠶᠢ ᠠᠬᠢᠭᠤᠯᠤᠨ ᠳᠡᠭᠡᠳᠦ ᠱᠠᠲᠤᠨ ᠤ ᠲᠦᠷᠦ ᠶᠢᠨ ᠪᠣᠳᠣᠯᠭ᠎ᠠ᠂ ᠪᠡᠯᠡ ᠮᠦᠩᠭᠦ ᠶᠢᠨ ᠳᠡᠮᠵᠢᠯᠭᠡ ᠶᠢ ᠢᠳᠡᠪᠬᠢᠲᠡᠢ ᠲᠡᠮᠡᠴᠡᠨ ᠣᠯᠵᠤ ᠠᠵᠢᠯ ᠢᠶᠠᠨ ᠠᠬᠢᠭᠤᠯᠤᠨ ᠪᠦᠬᠦ ᠵᠢᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠪᠠᠷ ᠴᠢᠷᠮᠠᠶᠢᠬᠤ ᠬᠡᠷᠡᠭᠲᠡᠢ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠬᠤᠪᠢᠷᠠᠭᠤᠯᠵᠤ ᠠᠵᠢᠯ ᠤᠨ ᠠᠷᠭ᠎ᠠ ᠪᠠᠨ ᠰᠠᠶᠢᠵᠢᠷᠠᠭᠤᠯᠤᠨ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠵᠤ ᠨᠢᠭᠡᠳᠦᠯᠲᠡᠢ ᠲᠥᠯᠥᠪᠯᠡᠨ ᠬᠠᠮᠵᠢᠯᠴᠠᠬᠤ ᠪᠠᠨ ᠴᠢᠩᠭᠠᠳᠬᠠᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠳᠤᠯᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠡᠢ᠃                           ᠰᠤᠷᠪᠤᠯᠵᠢᠯᠠᠭᠴᠢ᠄ ᠯᠤᠨᠳᠤᠨᠬᠤᠸᠠᠷ  ᠾᠧ ᠵᠢᠢ ᠶᠦᠨ  ᠪᠠᠢ ᠰᠢᠤᠸᠠᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ