ᠲᠤᠯᠢ ᠠᠴᠠ ᠤᠯᠠᠭᠠᠨᠨᠠᠭᠤᠷ ᠬᠦᠷᠬᠦ ᠵᠠᠰᠠᠮᠠᠯ ᠵᠠᠮ ᠪᠣᠯᠣᠨ X644 ᠮᠤᠤᠪᠤᠯᠠᠭ ᠠᠴᠠ ᠰᠢᠷᠬᠤᠰᠤᠨ ᠪᠠᠯᠭᠠᠰᠤ ᠬᠦᠷᠬᠦ ᠰᠢᠨᠡᠭᠡᠨ ᠵᠠᠰᠠᠬᠰᠠᠨ ᠵᠠᠰᠠᠮᠠᠯ ᠵᠠᠮ | ᠲᠠᠯ᠎ᠠ ᠴᠠᠶᠢᠳᠠᠮ᠂ ᠪᠤᠳᠠ ᠪᠤᠷᠭᠠᠰᠤᠨ ᠤ ᠲᠤᠮᠳᠠᠭᠤᠷ ᠰᠤᠨᠤᠯᠵᠠᠨ ᠠᠶᠠᠨ ᠵᠠᠮ ᠤᠨ ᠠᠯᠵᠢᠶᠠᠯ ᠢ ᠲᠠᠶᠢᠯᠤᠨ᠎ᠠ᠃ ᠬᠤᠷᠳᠤᠴᠠ ᠪᠠᠭᠤᠷᠠᠭᠤᠯᠬᠤ ᠪᠦᠰᠡ᠂ | ᠬᠠᠯᠬᠠᠪᠴᠢ ᠬᠡᠷᠡᠰᠭᠡ᠂ ᠲᠡᠮᠳᠡᠭ ᠫᠠᠶᠢᠰᠠ ᠵᠡᠷᠭᠡ ᠶᠢ ᠶᠤᠰᠤᠭᠠᠷ ᠨᠠᠷᠢᠯᠢᠬ ᠪᠠᠶᠢᠷᠢᠯᠠᠭᠤᠯᠵᠠᠢ᠃ | ᠦᠤᠰᠢᠨ ᠬᠤᠰᠢᠭᠤᠨ ᠤ ᠭᠠᠯᠠᠭᠤᠳᠤ ᠪᠠᠯᠭᠠᠰᠤᠨ ᠤ ᠪᠠᠶᠠᠨᠴᠠᠶᠢᠳᠠᠮ ᠲᠣᠰᠬᠤᠨ ᠤ ᠯᠢᠦ ᠶᠠᠨ ᠫᠢᠩ᠄ ︽ᠤᠤᠯ ᠤᠨ ᠱᠦᠢᠨᠢ ᠵᠠᠮ ᠡᠪᠳᠡᠭᠳᠡᠭᠡᠳ | ᠶᠠᠪᠤᠵᠤ ᠰᠠᠭᠤᠬᠤ ᠳᠤ ᠲᠤᠩ ᠳᠥᠭᠦᠮ ᠦᠭᠡᠢ ᠪᠠᠶᠢᠬᠰᠠᠨ ᠶᠤᠮ᠂ ᠦᠨᠤ ᠰᠢᠨ᠎ᠡ ᠴᠠᠷᠳᠠᠮᠠᠯ ᠵᠠᠮ ᠵᠠᠰᠠᠵᠤ ᠥᠭᠭᠦᠭᠰᠡᠨ ᠠᠴᠠ ᠣᠷᠣᠵᠤ ᠭᠠᠷᠬᠤ ᠳᠤ ᠮᠠᠰᠢ | ᠲᠦᠭᠦᠮ ᠪᠤᠯᠵᠠᠢ᠃ ᠪᠢᠳᠡ ᠨᠠᠮᠤᠷ ᠡᠷᠳᠡᠨᠢ ᠰᠢᠰᠢ ᠬᠤᠳᠠᠯᠳᠤᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ | ᠭᠠᠷᠭᠠᠬᠤ ᠳᠤ ᠮᠠᠰᠢ ᠶᠡᠭᠡ ᠬᠠᠪᠰᠤᠷᠤᠯᠭ᠎ᠠ ᠦᠵᠡᠭᠦᠯᠦᠭᠰᠡᠨ᠂ ᠵᠠᠰᠠᠭ ᠤᠨ ᠣᠷᠳᠣᠨ ᠳᠤ ᠲᠠᠯᠠᠷᠬᠠᠵᠤ ᠪᠠᠶᠢᠨ᠎ᠠ︾ ᠭᠡᠯᠡ᠃ | ᠵᠤᠷᠪᠤᠰ ᠵᠤᠷᠪᠤᠰ ᠵᠠᠰᠠᠮᠠᠯ ᠵᠠᠮ ᠬᠤᠳᠠ ᠬᠥᠳᠡᠭᠡ ᠢᠢ ᠬᠤᠯᠪᠣᠭᠰᠠᠨ ᠲᠡᠳᠦᠢ ᠦᠬᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠬᠦ ᠰᠠᠷᠠᠭᠤᠯ | ᠳᠠᠷᠳᠠᠩ ᠵᠠᠮ ᠪᠣᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠮᠠᠯᠵᠢᠬᠤ ᠲᠠᠷᠢᠶᠠᠯᠠᠬᠤ ᠣᠷᠣᠨ ᠤ ᠠᠵᠤ | ᠦᠢᠯᠡᠰ ᠤᠨ ᠬᠥᠭᠵᠢᠯᠲᠡ ᠶᠢ ᠴᠢᠨᠠᠭᠰᠢᠳᠠ ᠲᠦᠷᠭᠡᠳᠭᠡᠵᠦ᠂ ᠮᠠᠯᠴᠢᠨ ᠲᠠᠷᠢᠶᠠᠴᠢᠨ ᠳᠤ ᠪᠠᠶᠠᠵᠢᠬᠤ ᠬᠦᠰᠡᠯ ᠡᠷᠡᠮᠡᠯᠵᠡᠯ ᠣᠯᠭᠤᠭᠰᠠᠨ ᠢᠶᠠᠷ ᠪᠠᠷᠠᠬᠤ ᠦᠭᠡᠢ | ᠮᠠᠯᠴᠢᠨ ᠲᠠᠷᠢᠶᠠᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠵᠤ᠂ ᠵᠣᠯ ᠵᠢᠷᠭᠠᠯ ᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠦᠭᠰᠡᠨ ᠪᠠᠶᠢᠨ᠎ᠠ᠃ | | ᠣᠶᠢᠯᠠᠭᠠᠭᠰᠠᠨ ᠢᠶᠠᠷ᠂ 2022 ᠣᠨ ᠳᠤ ᠦᠦᠰᠢᠨ ᠬᠤᠰᠢᠭᠤ ᠬᠥᠳᠡᠭᠡ ᠲᠣᠰᠬᠤᠨ ᠤ ᠵᠠᠰᠠᠮᠠᠯ ᠵᠠᠮ ᠤᠨ 21 ᠪᠠᠷᠢᠯᠭ᠎ᠠ ᠶᠢᠨ ᠲᠥᠷᠥᠯ ᠵᠦᠢᠯ ᠳᠠᠬᠢ | ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ 16 ᠲᠥᠷᠥᠯ ᠵᠦᠢᠯ ᠢ ᠬᠤᠰᠢᠭᠤᠨ ᠤ ᠲᠠᠰ ᠤᠨ ᠠᠷᠠᠳ ᠤᠨ | ᠲᠦᠯᠦᠭᠡᠯᠡᠭᠴᠢᠳ ᠪᠢᠯᠧᠲ ᠦᠬ᠋ᠴᠤ ᠪᠠᠳᠤᠯᠠᠬᠤ ᠲᠥᠷᠥᠯ ᠵᠦᠢᠯ ᠳᠤ ᠣᠷᠣᠭᠤᠯᠵᠤ᠂ ᠪᠥᠬᠦ ᠬᠤᠰᠢᠭᠤᠨ ᠤ 6 ᠰᠤᠮᠤ ᠪᠠᠯᠭᠠᠰᠤ ᠶᠢ ᠬᠠᠮᠤᠷᠴᠠᠢ᠃ ᠲᠦᠷᠦᠯ | ᠵᠦᠢᠯ ᠳᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ ᠵᠠᠰᠠᠬᠤ᠂ ᠨᠠᠷᠢᠨ ᠵᠠᠮ ᠢ ᠥᠷᠭᠡᠳᠭᠡᠬᠦ᠂ ᠠᠷᠠᠴᠢᠯᠠᠨ ᠬᠠᠮᠠᠭᠠᠯᠠᠵᠦ ᠰᠡᠯᠪᠢᠨ ᠵᠠᠰᠠᠬᠤ | ᠵᠡᠷᠭᠡ ᠪᠠᠭᠳᠠᠵᠤ᠂ ᠪᠥᠬᠦ ᠵᠠᠮ ᠤᠨ ᠣᠷᠳᠣ ᠨᠢ 232.093 ᠺᠢᠯᠤᠮᠧᠲᠷ ᠲᠤ ᠬᠦᠷᠴᠤ᠂ ᠨᠡᠶᠢᠲᠡ 9323 ᠲᠦᠮᠡᠨ ᠲᠥᠭᠦᠷᠢᠭ ᠤᠨ ᠪᠡᠯᠡ ᠤᠷᠤᠭᠤᠯᠵᠤ᠂ | ᠠᠷᠠᠳ ᠤᠨ ᠠᠮᠢᠳᠤᠷᠠᠯ ᠤᠨ ᠵᠠᠮ ᠬᠠᠷᠢᠯᠴᠠᠭᠠᠨ ᠤ ᠠᠰᠠᠭᠤᠳᠠᠯ ᠢ ᠢᠳᠡᠪᠬᠢᠳᠠᠢ ᠰᠶᠢᠳᠪᠦᠷᠢᠯᠡᠭᠰᠡᠨ ᠪᠠᠶᠢᠨ᠎ᠠ᠃ | | | ᠵᠣᠬᠢᠶᠠᠭᠴᠢ᠄ ᠯᠤᠨᠳᠤᠨᠬᠤᠸᠠᠷ |