2023 ᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠨᠡᠶᠢᠲᠡᠯᠡᠭᠰᠡᠨ ᠴᠠᠭ᠄
2023/3/17
                                 ᠦᠦᠰᠢᠨ ᠵᠠᠰᠠᠭ ᠳᠠᠷᠬᠠᠭᠠᠬᠤ〔2023〕4 ᠳ᠋ᠤᠭᠡᠷ ᠲᠣᠭᠠᠲᠤ           ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄      ᠣᠳᠣᠬᠠᠨ ᠳᠤ᠂ ᠮᠠᠨ ᠤ ᠬᠤᠰᠢᠭᠤ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠠᠶᠤᠯᠲᠤ ᠬᠤᠭᠤᠴᠠᠭᠠᠨ ᠳᠤ ᠣᠷᠣᠭᠰᠠᠨ ᠪᠠᠶᠢᠨ᠎ᠠ᠃ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠡᠵᠡᠮᠳᠡᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠪᠠ ᠤᠯᠤᠰ ᠤᠨ ᠭᠠᠵᠠᠷ ᠰᠢᠷᠣᠢ ᠶᠢᠨ ᠠᠮᠢ ᠠᠬᠤᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠣᠶ ᠰᠢᠭᠤᠢ ᠶᠢᠨ ᠲᠦᠢᠮᠡᠷ ᠢ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠣᠨᠴᠠᠭᠠᠶᠢᠯᠠᠨ ᠲᠣᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠢ ᠨᠡᠶᠢᠲᠡᠯᠡᠪᠡ᠃       ᠨᠢᠭᠡ᠂ ᠪᠥᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠬᠦ ᠣᠷᠣᠨ ᠄ 2023 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ ᠪᠥᠬᠦ ᠬᠤᠰᠢᠭᠤᠨ ᠤ ᠡᠯ᠎ᠡ ᠤᠯᠤᠰ ᠤᠨ ᠥᠮᠴᠢᠯᠡᠯᠲᠦ᠂ ᠬᠠᠮᠲᠤ᠂ ᠬᠤᠪᠢ ᠶᠢᠨ ᠨᠤᠲᠤᠭ ᠪᠡᠯᠴᠢᠭᠡᠷ᠂ ᠡᠯᠡᠰᠦ ᠮᠠᠩᠬ᠎ᠠ ᠶᠢᠨ ᠰᠤᠳᠤᠯᠭᠠᠨ ᠤ ᠲᠥᠪ᠂ ᠬᠠᠶᠢᠯᠠᠷ ᠨᠠᠷᠠᠰᠤᠨ ᠮᠣᠳᠣᠨ ᠤ ᠰᠠᠭᠤᠷᠢᠨ ᠭᠠᠵᠠᠷ᠂ ᠣᠶ ᠰᠢᠭᠤᠢ ᠶᠢᠨ ᠦᠢᠯᠡᠰ ᠤᠨ ᠭᠤᠣᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠲᠡᠭᠦᠨ ᠤ ᠬᠥᠪᠡᠭᠡ ᠵᠠᠬ᠎ᠠ ᠶᠢᠨ 10 ᠮᠧᠲᠷ ᠤᠨ ᠬᠡᠪᠴᠢᠶᠡᠨ ᠳᠠᠬᠢ ᠣᠶ ᠶᠢᠨ ᠵᠠᠬ᠎ᠠ ᠶᠢᠨ ᠣᠷᠣᠨ ᠪᠦᠰᠡ ᠶᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠢᠶᠠᠷ ᠲᠣᠭᠲᠠᠭᠠᠨ᠎ᠠ᠃        ᠬᠤᠶᠠᠷ᠂ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠬᠤᠭᠤᠴᠠᠭᠠᠨ ᠳᠤ ᠳᠣᠣᠷᠠᠬᠢ ᠲᠣᠭᠲᠠᠭᠠᠯ ᠤᠳ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠡᠢ᠄       ︵ᠨᠢᠭᠡ︶ ᠳᠡᠭᠡᠷ᠎ᠡ ᠳᠤᠷᠠᠳᠤᠭᠰᠠᠨ ᠣᠷᠣᠨ ᠤ ᠳᠣᠲᠣᠷ᠎ᠠ ᠬᠡᠭᠦᠷ ᠣᠩᠭᠤᠨ ᠳᠤ ᠲᠦᠯᠡᠰᠢ ᠥᠭᠴᠦ ᠳᠣᠶ᠋ᠢᠩ ᠰᠢᠲᠠᠭᠠᠬᠤ᠂ ᠲᠠᠮᠠᠬᠢ ᠲᠠᠲᠠᠬᠤ᠂ ᠬᠤᠸᠠᠷ ᠫᠤᠤᠵᠢᠩ ᠲᠠᠯᠪᠢᠬᠤ᠂ ᠬᠠᠭᠤᠷᠠᠢ ᠡᠪᠡᠰᠦ ᠡᠰᠢ ᠰᠦᠷᠡᠯ ᠢ ᠰᠢᠲᠠᠭᠠᠬᠤ᠂ ᠰᠢᠷᠠᠮᠠᠯ ᠬᠢᠬᠦ ᠵᠡᠷᠭᠡ ᠥᠢᠯᠡ ᠠᠵᠢᠯᠯᠠᠭ᠎ᠠ ᠶᠢ ᠴᠢᠩᠭ᠎ᠠ ᠬᠤᠷᠢᠭᠯᠠᠬᠤ ᠬᠡᠷᠡᠭᠲᠡᠢ᠃       ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷ᠎ᠠ ᠦᠢᠯᠡᠳᠪᠦᠷᠢᠯᠡᠯ᠂ ᠠᠮᠢᠳᠤᠷᠠᠯ ᠤᠨ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ ᠨᠢᠭᠡᠴᠢ ᠪᠠ ᠰᠠᠭᠤᠭᠠᠯᠢ ᠠᠷᠠᠳ ᠲᠤᠰ ᠴᠢᠩᠭ᠎ᠠ ᠰᠡᠷᠭᠡᠶᠢᠯᠡᠯᠲᠡ ᠶᠢᠨ ᠵᠠᠷᠯᠢᠭ ᠤᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ ᠦᠨᠡᠨᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠴᠢᠬᠤᠯᠠᠲᠠᠢ ᠪᠠᠶᠢᠭᠤᠯᠭ᠎ᠠ ᠨᠢᠭᠡᠴᠢ ᠪᠤᠶᠤ ᠬᠤᠪᠢ ᠬᠥᠮᠥᠨ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠭᠠᠯ ᠬᠡᠷᠡᠭᠯᠡᠵᠦ ᠪᠣᠯᠣᠨ᠎ᠠ᠃ ᠳᠥᠷᠪᠡᠳᠦᠭᠡᠷ ᠳᠡᠰ ᠠᠴᠠ ᠳᠡᠭᠡᠭᠰᠢᠬᠢ ᠳᠡᠰ ᠤᠨ ᠰᠠᠯᠬᠢᠨ ᠲᠠᠢ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠶᠠᠮᠠᠷᠪᠠ ᠭᠠᠯ ᠬᠡᠷᠡᠭᠯᠡᠬᠦ ᠦᠢᠯᠡ ᠠᠵᠢᠯᠯᠠᠭ᠎ᠠ ᠬᠢᠬᠦ ᠶᠢ ᠴᠢᠩᠭ᠎ᠠ ᠬᠤᠷᠢᠭᠯᠠᠬᠤ ᠬᠡᠷᠡᠭᠲᠡᠢ᠃             ︵ᠭᠤᠷᠪᠠ︶ ᠴᠢᠩᠭ᠎ᠠ ᠰᠡᠷᠭᠡᠶᠢᠯᠡᠯᠲᠡ ᠶᠢᠨ ᠣᠷᠣᠨ ᠤ ᠳᠣᠲᠣᠷᠠᠬᠢ ᠡᠯ᠎ᠡ ᠦᠢᠯᠡᠳᠪᠦᠷᠢᠯᠡᠯ ᠤᠨ ᠠᠵᠢᠯᠯᠠᠬᠤ ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠴᠡᠭ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠢ ᠬᠡᠢ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠡᠷᠬᠡᠪᠰᠢ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ ᠭᠠᠯ ᠤᠨᠲᠠᠷᠠᠭᠠᠬᠤ ᠮᠠᠰᠢᠨ ᠪᠠᠭᠠᠵᠢ ᠶᠢ ᠲᠣᠬᠢᠷᠠᠭᠤᠯᠤᠨ ᠪᠣᠯᠪᠠᠰᠤᠷᠠᠯ ᠭᠥᠷᠳᠡᠭᠰᠡᠨ ᠭᠠᠯ ᠤᠨᠲᠠᠷᠠᠭᠠᠬᠤ ᠠᠵᠢᠯᠲᠠᠨ ᠢ ᠲᠣᠬᠢᠷᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠣᠢ ᠰᠢᠭᠤᠢ ᠬᠠᠮᠠᠭᠠᠯᠠᠭᠴᠢ ᠶᠢᠨ ᠲᠣᠭᠤᠷᠢᠨ ᠬᠠᠮᠠᠭᠠᠯᠠᠬᠤ ᠠᠵᠢᠯ ᠢ ᠴᠢᠩᠭᠠᠳᠬᠠᠵᠤ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠰᠦᠢᠳᠬᠡᠯ ᠬᠤᠷᠢᠶᠠᠬᠤ ᠥᠷᠲᠡᠭᠡ᠂ ᠵᠠᠰᠠᠮᠠᠯ ᠵᠠᠮ ᠤᠨ ᠬᠠᠮᠢᠶᠠᠷᠤᠯᠲᠠ  ᠶᠢᠨ ᠭᠠᠵᠠᠷ ᠢ ᠵᠤᠬᠢᠶᠠᠨ ᠪᠠᠶᠢᠭᠤᠯᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠬᠠᠭᠤᠷᠠᠢ ᠡᠪᠡᠰᠦ ᠵᠡᠷᠭᠡ ᠰᠢᠲᠠᠮᠠᠬᠠᠢ ᠪᠣᠳᠠᠰ ᠢ ᠴᠡᠪᠡᠷᠯᠡᠨ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ᠂ ᠤᠢ ᠰᠢᠭᠤᠢ ᠨᠤᠲᠤᠭ ᠪᠡᠯᠴᠢᠭᠡᠷ᠂ ᠡᠨᠧᠷᠭᠢ ᠵᠡᠷᠭᠡ ᠰᠠᠯᠠᠭ᠎ᠠ ᠮᠥᠴᠢᠷ ᠨᠢ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠱᠤᠭᠤᠮ ᠬᠢᠭᠡᠳ ᠳᠠᠭᠠᠯᠲᠠ ᠲᠦᠬᠦᠭᠡᠷᠦᠮᠵᠢ ᠶᠢᠨ ᠡᠷᠬᠢᠨ ᠲᠣᠭᠤᠷᠢᠨ ᠤ ᠭᠠᠯ ᠤᠨ ᠠᠶᠤᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠤ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠥᠴᠢᠷ  ᠨᠢ ᠭᠤᠤᠷᠰᠤ ᠰᠢᠲᠠᠭᠠᠬᠤ᠂ ᠡᠰᠢ ᠰᠦᠷᠡᠯ ᠰᠢᠲᠠᠭᠠᠬᠤ᠂ ᠰᠢᠲᠠᠭᠠᠵᠤ ᠦᠨᠡᠰᠦ ᠪᠤᠯᠭᠠᠨ ᠪᠣᠷᠳᠣᠭᠤᠷ ᠴᠤᠭᠯᠠᠭᠤᠯᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠪᠤᠰᠤᠳ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠦᠭᠦᠳ ᠨᠢ ᠲᠣᠰ ᠨᠢᠭᠡᠴᠢ ᠶᠢᠨ ᠢᠶᠠᠨ ᠣᠶ ᠰᠢᠭᠤᠢ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠳᠠᠯᠳᠠ ᠬᠡᠮ ᠢ ᠬᠢᠨᠠᠮᠠᠭᠠᠢ ᠪᠠᠶᠢᠴᠠᠭᠠᠨ ᠴᠡᠭᠴᠡᠯᠡᠨ ᠰᠠᠶᠢᠵᠢᠷᠠᠭᠤᠯᠵᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠠᠵᠠ ᠪᠠᠷ ᠮᠤᠯᠲᠤᠷᠠᠬᠤ ᠰᠡᠳᠬᠢᠴᠡ ᠶᠢ ᠲᠠᠰᠤ ᠳᠡᠪᠴᠢᠵᠤ ᠣᠷᠣᠰᠢᠵᠤ ᠪᠠᠶᠢᠭ᠎ᠠ ᠠᠰᠠᠭᠤᠳᠠᠯ ᠲᠠᠢ ᠬᠠᠷᠢᠴᠠᠭᠤᠯᠤᠨ ᠲᠤᠲᠠᠭᠤᠳᠠᠯ ᠪᠠ ᠵᠥᠷᠢᠶ᠎ᠡ ᠶᠢ ᠨᠥᠬᠦᠪᠦᠷᠢᠯᠡᠨ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ︵ᠳᠥᠷᠪᠡ︶ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠣᠢ ᠰᠢᠭᠤᠢ ᠶᠢᠨ ᠣᠷᠣᠨ᠂ ᠨᠤᠲᠤᠭ ᠪᠡᠯᠴᠢᠭᠡᠷ ᠤᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠨᠡᠶᠢᠲᠡ ᠶᠢᠨ ᠪᠤᠩᠬᠤᠨ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠳᠤ ᠨᠡᠪᠲᠡᠷᠡᠬᠦ ᠵᠠᠮ ᠤᠨ ᠠᠭᠤᠯᠵᠠᠷ ᠲᠤ ᠲᠥᠷ ᠴᠠᠭ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠳᠡᠭᠡ ᠪᠠᠶᠢᠭᠤᠯᠵᠤ ᠣᠷᠣᠴᠠ ᠳᠤ ︽ᠭᠠᠯ ᠰᠡᠷᠭᠡᠶᠢᠯᠡᠬᠦ ᠺᠣᠳ᠋︾ ᠸᠢᠴᠠᠲ ᠤᠨ ᠪᠢᠴᠢᠯ ᠰᠤᠪᠠᠭ ᠲᠣᠬᠢᠷᠠᠭᠤᠯᠵᠤ ᠭᠠᠯ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠢᠶᠠᠷ ᠦᠩᠭᠡᠷᠡᠬᠦ ᠲᠡᠷᠭᠡ ᠬᠥᠰᠬᠡ᠂ ᠮᠠᠰᠢᠨ ᠮᠧᠬᠠᠨᠢᠭ ᠲᠤ ᠭᠠᠯ ᠰᠡᠷᠭᠡᠶᠢᠯᠡᠬᠦ ᠠᠶᠤᠯᠭᠦᠢ ᠶᠢᠨ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ᠃ ᠨᠠᠰᠢ ᠴᠠᠰᠢ ᠵᠣᠷᠴᠢᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠠᠵᠢᠯᠲᠠᠨ ᠳᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ ᠲᠠᠮᠠᠬᠢᠨ ᠶᠣᠵᠣᠭᠤᠷ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠡᠭᠦᠰᠬᠡᠵᠦ ᠮᠡᠳᠡᠬᠦ ᠭᠠᠯ ᠤᠨ ᠡᠭᠦᠰᠪᠦᠷᠢ ᠶᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃       ︵ᠲᠠᠪᠤ︶ ᠭᠠᠯ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠨᠢ ᠴᠠᠭ ᠢᠮᠠᠭᠲᠠ ᠲᠠᠶᠢᠨ ᠳᠤ ᠣᠷᠤᠯᠴᠠᠬᠤ ᠪᠡᠯᠡᠳᠬᠡᠯ ᠲᠠᠢ ᠪᠠᠶᠢᠵᠤ ᠭᠠᠯ ᠤᠨ ᠠᠶᠤᠯ ᠤᠨ ᠪᠠᠶᠢᠳᠠᠯ ᠢ ᠣᠯᠵᠤ ᠮᠡᠳᠡᠪᠡᠯ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ ︽ᠡᠷᠲᠡ ᠴᠣᠬᠢᠬᠤ᠂ ᠪᠠᠭ᠎ᠠ ᠳᠡᠭᠡᠷ᠎ᠡ ᠨᠢ ᠴᠣᠬᠢᠬᠤ᠂ ᠪᠦᠬᠦᠨ ᠢ ᠴᠣᠬᠢᠬᠤ︾ ᠶᠢ ᠪᠡᠶᠡᠯᠡᠭᠦᠯᠦᠨ ᠬᠥᠮᠥᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃       ︵ᠵᠢᠷᠭᠤᠭ᠎ᠠ︶ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠣᠷᠣᠨ ᠳᠤ ᠪᠠᠶᠢᠴᠠᠭᠠᠯᠲᠠ ᠶᠢᠨ ᠴᠡᠭ ᠲᠣᠬᠢᠷᠠᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ ᠲᠣᠭᠤᠷᠢᠨ ᠪᠠᠶᠢᠴᠠᠭᠠᠵᠤ ᠲᠣᠭᠤᠷᠢᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ ᠤᠷᠤᠴᠠ ᠭᠠᠷᠴᠠ ᠳᠤ ᠪᠠᠶᠢᠴᠠᠭᠠᠬᠤ ᠥᠷᠲᠡᠭᠡ ᠴᠡᠭ ᠪᠠ ᠭᠠᠯ ᠰᠡᠷᠭᠡᠶᠢᠯᠡᠬᠦ ᠰᠡᠷᠡᠮᠵᠢ ᠶᠢᠨ ᠫᠠᠶᠢᠰᠠ ᠲᠣᠬᠢᠷᠠᠭᠤᠯᠤᠨ ᠭᠠᠯ ᠤᠨ ᠢᠷᠡᠯᠲᠡ ᠭᠠᠯ ᠤᠨ ᠡᠭᠦᠰᠪᠦᠷᠢ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠣᠷᠣᠨ ᠳᠤ ᠣᠷᠣᠭᠤᠯᠬᠤ ᠶᠢ ᠴᠠᠭᠠᠵᠠᠯᠠᠨ ᠣᠷᠣᠵᠤ ᠭᠠᠷᠬᠤ ᠲᠡᠷᠭᠡ ᠬᠥᠰᠬᠡ ᠪᠠ ᠬᠥᠮᠥᠰ ᠲᠣᠭᠲᠠᠭᠠᠯ ᠶᠣᠰᠣᠭᠠᠷ ᠦᠨᠡᠨ ᠨᠡᠷ᠎ᠡ ᠪᠠᠨ ᠳᠡᠩᠰᠡᠯᠡᠨ ᠲᠡᠮᠳᠡᠭᠯᠡᠵᠦ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠭᠥᠯᠢᠶᠡᠨ ᠭᠠᠯ ᠰᠡᠷᠭᠡᠶᠢᠯᠡᠬᠦ ᠲᠣᠭᠲᠠᠭᠠᠯ ᠢ ᠵᠢᠷᠤᠮᠯᠠᠬᠤ ᠬᠡᠷᠡᠭᠲᠡᠢ᠃ ᠶᠠᠮᠠᠷᠪᠠ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠪᠠᠶᠢᠴᠠᠭᠠᠯᠲᠠ ᠶᠢ ᠬᠠᠷᠰᠢᠯᠠᠬᠤ ᠪᠠ ᠲᠡᠪᠴᠢᠵᠦ ᠪᠣᠯᠬᠤ ᠦᠭᠡᠢ᠃       ᠭᠤᠷᠪᠠ᠂ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠵᠠᠷᠯᠢᠭ ᠪᠠᠶᠢᠲᠠᠯ᠎ᠠ ᠬᠡᠷᠡᠭᠵᠢᠭᠦᠯᠬᠦ ᠦᠭᠡᠢ᠂ ᠴᠠᠭᠠᠵᠠᠯᠠᠵᠤ ᠪᠠᠶᠢᠲᠠᠯ᠎ᠠ ᠵᠣᠭᠰᠣᠬᠤ ᠦᠭᠡᠢ᠂ ᠬᠠᠰᠢ ᠶᠠᠰᠢ ᠬᠠᠨᠳᠤᠭᠰᠠᠨ ᠠᠴᠠ ᠪᠣᠯᠵᠤ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ᠂ ᠭᠠᠯ ᠤᠨ ᠳᠣᠬᠢᠶ᠎ᠠ ᠶᠢ ᠡᠭᠦᠰᠬᠡᠭᠰᠡᠨ ᠪᠤᠶᠤ ᠭᠠᠯ ᠲᠦᠢᠮᠡᠷ ᠤᠨ ᠭᠠᠮᠰᠢᠭ ᠤᠨ ᠲᠠᠯᠳᠠ ᠭᠡᠮ ᠭᠠᠷᠭᠠᠭᠰᠠᠨ ᠪᠠᠶᠢᠭᠤᠯᠭ᠎ᠠ ᠨᠢᠭᠡᠴᠢ ᠪᠠ ᠬᠤᠪᠢ ᠬᠥᠮᠥᠨ ᠢ ᠬᠠᠤᠯᠢ ᠶᠣᠰᠣᠭᠠᠷ ᠴᠢᠩᠭ᠎ᠠ ᠰᠢᠳᠬᠡᠬᠦ ᠬᠡᠷᠡᠭᠲᠡᠢ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠶ ᠰᠢᠭᠤᠢ ᠶᠢᠨ ᠲᠦᠢᠮᠡᠷ ᠢ ᠴᠢᠩᠭ᠎ᠠ ᠰᠡᠷᠭᠡᠶᠢᠯᠡᠬᠦ ᠣᠷᠣᠨ ᠳᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠭᠠᠷᠪᠠᠯ ᠲᠣᠰ ᠣᠷᠣᠨ ᠤ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ ᠰᠢᠳᠬᠡᠯ ᠥᠭᠬᠦ ᠶᠢᠨ ᠬᠠᠮᠲᠤ ᠢᠯᠡ ᠪᠠᠷ ᠨᠡᠶᠢᠲᠡᠯᠡᠵᠦ ᠢᠯᠡᠴᠢᠯᠡᠬᠦ ᠬᠡᠷᠡᠭᠲᠡᠢ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠳᠥᠷᠪᠡ᠂ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠬᠠᠷᠢᠶ᠎ᠠ ᠭᠠᠵᠠᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠣᠶ ᠰᠢᠭᠤᠢ ᠶᠢᠨ ᠬᠠᠮᠠᠭᠠᠯᠠᠭᠴᠢ᠂ ᠡᠪᠡᠰᠦ ᠪᠡᠯᠴᠢᠭᠡᠷ ᠤᠨ ᠬᠠᠮᠢᠶᠠᠷᠤᠭᠴᠢ ᠪᠠ ᠲᠣᠥᠷᠵᠢᠭᠤᠯᠤᠭᠰᠠᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠪᠠ ᠬᠠᠷᠢᠭᠤᠴᠠᠯᠭᠠᠲᠤ ᠪᠠᠶᠢᠭᠤᠯᠭ᠎ᠠ ᠨᠢᠭᠡᠴᠢ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠬᠤ ᠳᠦᠷᠢᠮ ᠢ ᠬᠡᠷᠡᠭᠵᠢᠭᠦᠯᠵᠦ ᠡᠯ᠎ᠡ ᠲᠥᠷᠥᠯ ᠤᠨ ᠭᠠᠯ ᠤᠨᠲᠠᠷᠠᠭᠠᠬᠤ ᠡᠩᠨᠡᠭᠡ ᠨᠦᠭᠦᠳ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃       ᠲᠠᠪᠤ᠂ ᠪᠤᠰᠤᠳ ᠭᠤᠣᠯᠳᠠᠯᠭ᠎ᠠ ᠲᠠᠢ ᠭᠠᠵᠠᠷ ᠲᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠤᠯᠲᠠ ᠶᠠᠪᠤᠭᠤᠯᠬᠤ ᠪᠤᠶᠤ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠢ ᠪᠣᠯ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠠᠴᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠠᠰ ᠲᠤᠨᠢ ᠨᠡᠶᠢᠲᠡᠯᠡᠨ᠎ᠡ᠃      ᠵᠢᠷᠭᠤᠭ᠎ᠠ᠂ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠳᠤ ᠳᠠᠷᠤᠶᠢᠬᠠᠨ ᠮᠡᠳᠡᠭᠦᠯᠵᠦ᠂ ᠶᠠᠮᠠᠷᠪᠠ ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠨᠥᠬᠦᠴᠡᠯ ᠦᠭᠡᠢ ᠪᠠᠷ ᠲᠦᠭᠰᠢᠭᠦᠷᠢ ᠮᠡᠳᠡᠭᠦᠯᠬᠦ ᠳᠤ ᠲᠥᠬᠦᠮ ᠦᠵᠡᠭᠦᠯᠵᠦ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠪᠠ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠨ᠎ᠠ᠃ ᠭᠠᠯ ᠲᠦᠢᠮᠡᠷ ᠤᠨ ᠠᠶᠤᠯ ᠢ ᠮᠡᠳᠡᠭᠦᠯᠬᠦ ᠤᠲᠠᠰᠤ᠄ 12119᠃                                                                                                    ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2023 ᠣᠨ ᠤ 3 ᠰᠠᠷ᠎ᠠ ᠶᠢᠨ 13 ᠤ ᠡᠳᠦᠷ  
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ