ᠳᠠᠶᠠᠩ ᠳᠤ ᠳᠠᠭᠤᠷᠢᠰᠬᠤ ᠨᠠᠷᠢᠨ ᠨᠣᠣᠰᠤᠲᠤ ᠬᠤᠨᠢ
ᠨᠡᠶᠢᠲᠡᠯᠡᠭᠰᠡᠨ ᠴᠠᠭ᠄
2023/3/2
      ᠦᠤᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠨᠢ ᠣᠯᠠᠨ ᠵᠢᠯ ᠤᠨ ᠲᠤᠷᠰᠢ ︽ᠣᠷᠳᠣᠰ ᠨᠠᠷᠢᠨ ᠨᠣᠣᠰᠤᠲᠤ ᠬᠤᠨᠢ︾ ᠭᠡᠬᠦ ᠨᠡᠷᠡᠲᠤ ᠲᠡᠮᠳᠡᠭ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠨᠡᠷᠡᠲᠤ ᠲᠡᠮᠳᠡᠭ ᠤᠨ ᠡᠵᠡᠩᠨᠡᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠣᠷᠳᠣᠰ ᠨᠠᠷᠢᠨ ᠨᠣᠣᠰᠤᠲᠤ ᠬᠤᠨᠢ ᠨᠢ ᠲᠡᠭᠦᠨ ᠤ ᠤᠬᠢ ᠰᠠᠶᠢᠨ ᠮᠢᠬ᠎ᠠ ᠨᠣᠣᠰᠤᠨ ᠤ ᠶᠡᠷᠦᠩᠬᠡᠶᠢᠯᠡᠭᠰᠡᠨ ᠴᠢᠳᠠᠪᠬᠢ ᠪᠠᠷ ᠤᠯᠤᠰ ᠤᠨ ᠭᠠᠳᠠᠭᠠᠲᠤ ᠲᠣᠳᠤᠭᠠᠲᠤ ᠳᠤ ᠠᠯᠳᠠᠷᠰᠢᠪᠠ᠃ 1999 ᠣᠨ᠂ 2000 ᠣᠨ ᠳᠤ ᠦᠤᠰᠢᠨ ᠬᠤᠰᠢᠭᠤ ᠤᠷᠢᠳ ᠬᠤᠵᠢᠳ ᠥᠪᠡᠷᠳᠡᠭᠡᠨ ᠵᠠᠰᠠᠬᠤ ᠣᠷᠣᠨ ᠤ ᠠᠬᠠᠷ ᠨᠣᠣᠰᠤᠨ ᠤ ᠦᠨ᠎ᠡ ᠬᠠᠶᠠᠯᠴᠠᠭ᠎ᠠ ᠵᠢᠴᠢ ᠡᠭᠦᠯᠳᠡᠷ ᠤᠨ ᠬᠤᠴᠠᠨ ᠤ ᠦᠵᠡᠭᠦᠯᠦᠯᠭᠡ ᠶᠢᠨ ᠠᠵᠢᠯᠠᠯᠭᠠᠨ ᠳᠤ ᠣᠷᠣᠯᠴᠠᠵᠤ᠂ ᠦᠨ᠎ᠡ ᠬᠠᠶᠠᠯᠴᠠᠭᠠᠨ ᠳᠤ ᠣᠷᠣᠯᠴᠠᠭᠰᠠᠨ ᠨᠣᠣᠰᠤᠨ ᠤ ᠦᠨ᠎ᠡ ᠨᠢ ᠪᠦᠬᠦᠶᠢᠯᠡ ᠬᠠᠶᠠᠯᠴᠠᠭᠠᠨ ᠳᠤ ᠣᠷᠣᠯᠴᠠᠭᠰᠠᠨ ᠨᠣᠣᠰᠤᠨ ᠤ ᠲᠡᠷᠢᠭᠦᠨ ᠪᠠᠶᠢᠷᠢᠨ ᠳᠤ ᠣᠷᠣᠪᠠ᠃ 2001 ᠣᠨ  ᠠᠴᠠ ᠡᠬᠢᠯᠡᠵᠦ ᠦᠤᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠭᠦᠴᠦᠲᠡᠢ ᠳᠡᠮᠵᠢᠯᠭᠡ ᠲᠤᠤᠷ᠎ᠠ᠂ ᠠᠬᠠᠷ ᠨᠣᠣᠰᠤᠨ ᠤ ᠰᠢᠭᠤᠳ ᠪᠣᠷᠣᠯᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠷᠳᠣᠰ ᠨᠠᠷᠢᠨ ᠨᠣᠣᠰᠤᠲᠤ ᠬᠤᠨᠢᠨ ᠤ ᠨᠡᠷᠡᠲᠤ ᠲᠡᠮᠳᠡᠭ ᠤᠨ ᠪᠥᠳᠦᠭᠡᠨ ᠪᠠᠶᠢᠭᠤᠯᠤᠯᠲᠠ ᠳᠤ ᠰᠠᠭᠤᠷᠢ ᠲᠠᠯᠪᠢᠪᠠ᠃ ᠣᠳᠣ ᠪᠣᠯᠳᠠᠯ᠎ᠠ 1.89 ᠲᠤᠨ ᠠᠬᠠᠷ ᠵᠤᠬᠢᠶᠠᠨ ᠪᠠᠶᠢᠭᠤᠯᠤᠨ ᠰᠢᠭᠤᠤᠨ ᠪᠣᠷᠣᠯᠠᠭᠤᠯᠵᠤ᠂ ᠴᠡᠪᠡᠷ ᠠᠬᠠᠷ ᠤᠨ ᠦᠨ᠎ᠡ ᠬᠠᠮᠤᠭ ᠦᠨᠳᠦᠷ  ᠲᠡᠭᠡᠨ ᠺᠢᠯᠦᠭᠷᠡᠮ ᠲᠣᠳᠤᠮ 52 ᠲᠥᠭᠦᠷᠢᠭ᠂ ᠲᠤᠮᠳᠠᠴᠢᠯᠠᠭᠠᠳ 48 ᠲᠥᠭᠦᠷᠢᠭ ᠭᠦᠷᠴᠦ᠂ ᠲᠡᠦᠬᠡᠨ ᠰᠢᠨ᠎ᠡ ᠲᠡᠮᠳᠡᠭᠯᠡᠯ ᠢ ᠡᠭᠦᠳᠪᠡ᠃      2007 ᠣᠨ ᠳᠤ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠨᠠᠷᠢᠨ ᠨᠣᠣᠰᠤᠨ ᠤ ᠲᠤᠰᠬᠠᠢ ᠠᠷᠠᠯᠵᠢᠶᠠᠨ ᠤ ᠵᠠᠬ᠎ᠠ ᠲᠡᠯᠭᠡᠭᠦᠷ ᠪᠣᠯᠬᠤ ᠣᠷᠳᠣᠰ ᠨᠠᠷᠢᠨ ᠨᠣᠣᠰᠤᠲᠤ ᠬᠤᠨᠢᠨ ᠤ ᠠᠬᠠᠷ ᠬᠠᠳᠠᠭᠠᠯᠠᠵᠤ ᠵᠥᠭᠡᠭᠡᠪᠦᠷᠢᠯᠡᠬᠦ ᠰᠣᠯᠢᠯᠴᠠᠭᠠᠨ ᠤ ᠲᠥᠪ ᠢ ᠪᠠᠶᠢᠭᠤᠯᠵᠤ᠂ ᠨᠢᠭᠡ ᠪᠥᠯᠥᠭ ᠠᠬᠠᠷ ᠨᠣᠣᠰᠤ ᠳᠡᠰ ᠢᠯᠭᠠᠨ ᠡᠮᠬᠢᠯᠡᠬᠦ᠂ ᠪᠣᠭᠤᠳᠠᠯᠯᠠᠬᠤ ᠲᠤᠰᠬᠠᠢ ᠮᠡᠷᠭᠡᠵᠢᠯᠲᠡᠨ ᠢ ᠬᠥᠮᠦᠵᠢᠭᠦᠯᠪᠡ᠃ ᠲᠡᠭᠡᠭᠡᠳ ᠨᠡᠶᠢᠬᠡᠮᠯᠢᠭ ᠢᠶᠠᠷ ᠲᠠᠮᠵᠢᠨ ᠲᠤᠬᠠᠢ ᠶᠢᠨ ᠭᠠᠵᠠᠷ ᠤᠨ ᠮᠠᠯᠴᠢᠳ ᠢ ᠵᠣᠬᠢᠶᠠᠨ ᠪᠠᠶᠢᠭᠤᠯᠵᠤ᠂ ᠰᠣᠯᠢᠯᠴᠠᠭᠠᠨ ᠤ ᠲᠥᠪ ᠲᠤ ᠨᠢᠭᠡᠳᠦᠯᠲᠡᠢ ᠳᠡᠰ ᠬᠤᠪᠢᠶᠠᠨ ᠪᠤᠭᠤᠳᠠᠯᠯᠠᠵᠤ᠂ ᠴᠢᠨᠠᠷ ᠢ ᠨᠢ ᠰᠢᠯᠭᠠᠨ ︽ᠠᠵᠦ ᠤᠶᠢᠯᠡᠳᠪᠦᠷᠢ ᠪᠣᠯᠣᠨ ᠮᠠᠯᠴᠢᠳ ᠰᠢᠭᠤᠳ ᠠᠷᠠᠯᠵᠢᠶᠠᠯᠠᠬᠤ︾ ᠪᠣᠷᠣᠯᠠᠭᠤᠯᠭ᠎ᠠ ᠶᠢᠨ ᠬᠡᠯᠪᠡᠷᠢ ᠶᠢ ᠬᠡᠷᠡᠭᠵᠢᠭᠦᠯᠵᠦ᠂ ᠨᠣᠣᠰᠤᠨ ᠤ ᠪᠣᠷᠣᠯᠠᠭᠤᠯᠭ᠎ᠠ ᠶᠢᠨ ᠵᠠᠮ ᠮᠥᠷ ᠢ ᠥᠷᠭᠡᠳᠬᠡᠨ᠂ ᠮᠠᠯᠴᠢᠳ ᠤᠨ ᠵᠠᠬ᠎ᠠ ᠳᠡᠯᠭᠡᠭᠦᠷ ᠤᠨ ᠲᠦᠭᠰᠢᠭᠦᠷᠢ ᠠᠴᠠ ᠵᠠᠶᠢᠯᠠᠬᠤ ᠴᠢᠳᠠᠪᠤᠷᠢ ᠶᠢ ᠲᠡᠭᠡᠭᠰᠢᠯᠡᠭᠦᠯᠵᠦ᠂ ᠰᠢᠯᠢᠳᠡᠭ ᠴᠢᠨᠠᠷ ᠦᠨᠳᠦᠷ ᠦᠨ᠎ᠡ ᠳᠤ ᠬᠦᠷᠭᠡᠵᠦ᠂ ᠴᠡᠪᠡᠷ ᠠᠬᠠᠷ ᠢᠶᠠᠷ ᠦᠨ᠎ᠡ ᠪᠣᠳᠣᠵᠤ ᠬᠤᠳᠠᠯᠳᠣᠬᠤ ᠶᠢ ᠪᠠᠶᠡᠯᠡᠭᠦᠯᠵᠦ᠂ ᠮᠠᠯᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠦᠭᠰᠡᠨ ᠪᠠᠶᠢᠨ᠎ᠠ᠃ 
ᠢᠷᠡᠯᠲᠡ᠄ ᠥᠥᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ