ᠮᠠᠯᠴᠢᠨ ᠮᠦᠷᠡᠨ ᠰᠠᠭᠠᠯᠢ ᠶᠢᠨ ᠦᠨᠢᠶ᠎ᠡ ᠮᠠᠯᠵᠢᠵᠤ ᠴᠢᠨᠡᠭᠡᠯᠢᠭ ᠠᠮᠢᠳᠤᠷᠠᠯ ᠢᠶᠠᠨ ᠴᠤᠭᠴᠠᠯᠠᠨ᠎ᠠ
ᠨᠡᠶᠢᠲᠡᠯᠡᠭᠰᠡᠨ ᠴᠠᠭ᠄
2023/3/30
      ᠭᠠᠯᠠᠭᠤᠲᠤ ᠪᠠᠯᠭᠠᠰᠤᠨ ᠤ ᠰᠠᠷᠠᠭᠤᠯᠨᠤᠲᠤᠭ ᠭᠠᠴᠠᠭᠠᠨ ᠤ ᠮᠠᠯᠴᠢᠨ ᠮᠦᠷᠡᠨ ᠰᠠᠭᠠᠯᠢ ᠶᠢᠨ ᠦᠨᠢᠶ᠎ᠡ᠂ ᠠᠯᠠᠰᠢᠨ ᠥᠭᠡᠷ ᠮᠠᠯᠵᠢᠵᠤ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠵᠦ ᠪᠠᠶᠢᠨ᠎ᠠ᠃        ᠮᠠᠯᠴᠢᠨ ᠮᠦᠷᠡᠨ ᠪᠣᠯ ᠥᠭᠡᠷ ᠮᠠᠯᠵᠢᠵᠤ ᠪᠠᠶᠢᠭ᠎ᠠ ᠲᠤᠰᠬᠠᠢ ᠡᠷᠤᠭᠡ ᠪᠠᠶᠢᠵᠤ ᠤᠳᠣ ᠡᠳᠡᠨ ᠤ ᠬᠢᠨ ᠰᠠᠭᠠᠯᠢ ᠶᠢᠨ ᠦᠨᠢᠶ᠎ᠡ᠂ ᠠᠯᠠᠰᠢᠨ ᠦᠭᠡᠷ ᠨᠠᠶᠢᠳᠠ ᠵᠠᠭᠤ ᠭᠠᠷᠤᠢ ᠪᠤᠯᠵᠤ ᠥᠭᠡᠷ ᠤᠨ ᠰᠡᠷᠡᠪᠴᠢ᠂ ᠡᠪᠡᠰᠤᠨ ᠬᠦᠮᠦᠷᠭᠡ᠂ ᠡᠪᠡᠰᠤ ᠪᠤᠷᠳᠤᠭ᠎ᠠ ᠨᠠᠶᠢᠷᠠᠭᠤᠯᠬᠤ ᠮᠠᠰᠢᠨ ᠵᠡᠷᠭᠡ ᠰᠠᠭᠤᠷᠢ ᠲᠦᠭᠦᠭᠡᠷᠤᠮᠵᠢ ᠢᠵᠢ ᠪᠦᠷᠢᠳᠤᠭ᠍ᠰᠡᠨ ᠢᠶᠠᠷ ᠪᠠᠷᠠᠬᠤ ᠦᠭᠡᠢ ᠲᠡᠵᠢᠭᠡᠵᠦ ᠪᠤᠷᠳᠤᠬᠤ ᠲᠠᠯ᠎ᠠ ᠪᠠᠷ ᠴᠤ ᠪᠦᠷ ᠮᠠᠰᠢᠨᠴᠢᠯᠠᠯᠳᠠ ᠶᠢ ᠪᠠᠶᠡᠯᠡᠭᠦᠯᠥᠭᠰᠠᠨ ᠪᠠᠶᠢᠨ᠎ᠠ᠃        2022 ᠣᠨ ᠳᠤ ᠰᠠᠷᠠᠭᠤᠯᠨᠤᠳᠤᠭ ᠭᠠᠴᠠᠭ᠎ᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠷᠥ ᠶᠢᠨ ᠪᠣᠳᠤᠯᠭ᠎ᠠ ᠶᠢ ᠰᠡᠶᠢᠳᠤᠷ ᠲᠤᠭᠤᠰᠢᠯᠠᠭᠤᠯᠬᠤ ᠪᠠᠷ 80 ᠲᠦᠮᠡᠨ ᠲᠦᠭᠦᠷᠢᠭ ᠭᠠᠷᠭᠠᠵᠤ ᠴᠠᠭᠠᠨ ᠢᠳᠡᠭᠡ ᠪᠤᠯᠪᠠᠰᠤᠷᠠᠭᠤᠯᠬᠤ  ᠭᠠᠵᠠᠷ ᠭᠠᠷᠭᠠᠭᠰᠠᠨ ᠤ ᠬᠠᠮᠳᠤ ᠠᠦ᠋ᠰᠲᠷᠯᠢᠶ᠎ᠠ ᠠᠴᠠ ᠵᠢᠤᠸᠠᠨ ᠱᠠᠨ ᠰᠠᠭᠠᠯᠢ ᠶᠢᠨ ᠦᠨᠢᠶ᠎ᠡ ᠤᠷᠤᠭᠤᠯᠤᠨ ᠠᠪᠴᠢᠷᠠᠵᠤ  ᠮᠠᠯᠴᠢᠨ ᠮᠥᠷᠡᠨ ᠳᠤ ᠲᠠᠭᠠᠭᠠᠴᠢᠯᠠᠭᠤᠯᠤᠨ ᠮᠠᠯᠵᠢᠭᠤᠯᠵᠤ ᠬᠠᠮᠳᠤ ᠪᠠᠷ ᠠᠰᠢᠭ ᠬᠦᠷᠳᠡᠭᠡᠭᠦ ᠪᠤᠯᠤᠭᠰᠠᠨ ᠪᠠᠶᠢᠨ᠎ᠠ᠃      ᠮᠦᠷᠡᠨ ᠥᠭᠡᠷ ᠮᠠᠯᠵᠢᠭᠠᠳ ᠠᠷᠪᠠᠭᠠᠳ ᠵᠢᠯ ᠪᠤᠯᠵᠤ 2012 ᠣᠨ ᠳᠤ ᠦᠭᠡᠷ ᠮᠠᠯᠵᠢᠬᠤ ᠬᠤᠷᠰᠢᠶᠠᠵᠢᠯ ᠢ ᠪᠠᠶᠢᠭᠤᠯᠤᠨ ᠤᠷᠤᠨ ᠨᠣᠳᠤᠭ ᠤᠨ ᠥᠭᠡᠷ ᠮᠠᠯᠵᠢᠵᠤ ᠪᠠᠶᠢᠭᠰᠠᠨ ᠠᠴᠠ ᠭᠠᠳᠠᠭᠠᠳᠤ ᠶᠢᠨ ᠴᠡᠪᠡᠷ ᠡᠭᠦᠯᠳᠡᠷ ᠤᠨ ᠾᠧ ᠰᠾᠢ ᠲᠠᠨ ᠦᠨᠢᠶ᠎ᠡ᠂ ᠵᠢᠤᠸᠠᠨ ᠱᠠᠨ ᠦᠨᠢᠶ᠎ᠡ᠂ ᠬᠠᠷ᠎ᠠ ᠠᠩᠬᠢᠰ ᠵᠡᠷᠭᠡ ᠥᠭᠡᠷ ᠢ ᠮᠠᠯᠵᠢᠬᠤ ᠪᠣᠯᠵᠤ ᠰᠠᠭᠠᠯᠢ ᠶᠢᠨ ᠦᠨᠢᠶᠡᠨ ᠤ ᠰᠦ ᠶᠢ ᠭᠠᠴᠠᠭᠠᠨ ᠤ ᠴᠠᠭᠠᠨ ᠢᠳᠡᠭᠡ ᠪᠤᠯᠪᠠᠰᠤᠷᠠᠭᠤᠯᠬᠤ ᠭᠠᠵᠠᠷ ᠲᠤ ᠬᠦᠷᠭᠡᠨ ᠴᠠᠭᠠᠨ ᠢᠳᠡᠭᠡ ᠪᠤᠯᠭᠠᠨ ᠪᠤᠯᠪᠠᠰᠤᠷᠠᠭᠤᠯᠤᠨ ᠤᠶᠢᠯᠡᠳᠪᠤᠷᠢᠯᠠᠵᠤ ᠠᠵᠤ ᠠᠬᠤᠢ ᠶᠢᠨ ᠠᠰᠢᠭ ᠣᠯᠵᠤ ᠪᠠᠶᠢᠨ᠎ᠠ᠃                                  ᠰᠤᠷᠪᠤᠯᠵᠢᠯᠠᠭᠴᠢ᠄ ᠲᠠᠸᠠᠩᠨᠤᠷᠪᠤ  ᠪᠤᠶᠠᠨᠲᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ