︽ᠦᠦᠰᠢᠨ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/3/31
                                  ᠦᠦᠰᠢᠨ ᠵᠠᠰᠠᠭ ᠠᠯᠪᠠᠨ ᠳᠠᠷᠬᠠᠭᠠᠬᠤ  ﹇2023﹈ 8 ᠳ᠋ᠤᠭᠠᠷ ᠲᠣᠭᠠᠲᠤ         ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄       ᠡᠳᠦᠭᠡ ︽ᠦᠦᠰᠢᠨ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠴᠠᠭ ᠢ ᠵᠠᠪᠳᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                                        ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                    2023 ᠣᠨ ᠤ 3 ᠰᠠᠷ᠎ᠠ ᠶᠢᠨ 17 ᠤ ᠡᠳᠦᠷ                         ᠦᠦᠰᠢᠨ ᠬᠤᠰᠢᠭᠤᠨ ᠤ 2023 ᠣᠨ ᠤ ᠬᠠᠪᠤᠷ ᠤᠨ ᠤᠯᠠᠷᠢᠯ ᠤᠨ                        ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠲᠥᠰᠥᠯ       ᠠᠮᠢ ᠠᠬᠤᠢ ᠶᠢᠨ ᠪᠣᠯᠪᠠᠰᠤᠨ ᠤ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠥᠷᠢᠳᠥ ᠨᠤᠲᠤᠬ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ ᠪᠣᠬᠢᠷᠳᠤᠯ ᠦᠭᠡᠢ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠭᠡᠨ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦᠶᠢᠴᠡ ᠴᠢᠨᠠᠷ ᠢ ᠳᠡᠭᠡᠭᠰᠢᠯᠡᠭᠦᠯᠵᠦ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ ᠪᠥᠬᠦ ᠠᠷᠠᠳ ᠤᠨ ᠨᠣᠭᠤᠭᠠᠷᠠᠭᠤᠯᠤᠯᠲᠠ ᠶᠢ ᠬᠠᠶᠢᠷᠠᠯᠠᠬᠤ᠂ ᠨᠣᠭᠤᠭᠠᠷᠠᠭᠤᠯᠤᠯᠲᠠ ᠶᠢ ᠬᠠᠮᠠᠭᠠᠯᠠᠬᠤ ᠪᠠ ᠤᠶᠢᠵᠢᠭᠤᠯᠤᠨ ᠨᠣᠭᠤᠭᠠᠷᠠᠭᠤᠯᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠨ ᠬᠠᠪᠤᠷ ᠤᠨ ᠤᠯᠠᠷᠢᠯ ᠤᠨ ᠤᠶᠢᠵᠢᠭᠤᠯᠤᠯᠲᠠ ᠶᠢᠨ ᠠᠵᠢᠯᠯᠠᠭ᠎ᠠ ᠶᠢ ᠳᠠᠷᠤᠢ ᠥᠷᠨᠢᠭᠦᠯᠵᠦ ᠮᠠᠨ ᠤ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠤᠯᠠᠮ ᠢᠶᠠᠷ ᠪᠥᠬᠦ ᠬᠤᠰᠢᠭᠤᠨ ᠤ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠠᠷ ᠬᠠᠷᠠᠯᠲᠠ ᠪᠣᠯᠭᠠᠨ ᠣᠶ ᠰᠢᠭᠤᠢ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠪᠠᠷ ᠭᠤᠣᠯ ᠰᠢᠵᠢᠮ ᠪᠣᠯᠭᠠᠵᠤ ︽ᠵᠠᠰᠠᠭ ᠤᠨ ᠣᠷᠳᠣᠨ ᠢᠶᠠᠷ ᠤᠳᠤᠷᠢᠳᠤᠭᠤᠯᠵᠤ᠂ ᠪᠥᠬᠦ ᠠᠷᠠᠳ ᠢᠶᠠᠷ ᠢᠶᠠᠨ ᠣᠷᠣᠯᠴᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠦᠷ᠎ᠡ ᠪᠦᠲᠦᠭᠡᠯ ᠢ ᠪᠠᠬᠢᠵᠢᠭᠦᠯᠬᠦ︾ ᠵᠠᠷᠴᠢᠮ ᠶᠣᠰᠣᠭᠠᠷ᠂ ᠣᠶ ᠰᠢᠭᠤᠢ ᠶᠢᠨ ᠠᠮᠢ ᠠᠬᠤᠢ᠂ ᠠᠵᠤ ᠠᠬᠤᠢ᠂ ᠨᠡᠶᠢᠭᠡᠮ ᠤᠨ ᠭᠤᠷᠪᠠᠨ ᠶᠡᠭᠡ ᠦᠷ᠎ᠡ ᠠᠰᠢᠭ ᠢ ᠨᠢᠭᠡᠳᠦᠯᠲᠡᠢ ᠲᠥᠯᠥᠪᠯᠡᠨ ᠨᠡᠭᠦᠷᠡᠰᠦᠲᠥ᠋ᠷᠥᠭᠴᠢ ᠰᠢᠩᠭᠡᠭᠡᠬᠦ ᠶᠢ ᠨᠡᠮᠡᠭᠳᠡᠬᠦᠯᠵᠤ ᠬᠤᠲᠠ ᠬᠥᠳᠡᠭᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠤᠨ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠪᠠ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃      ᠬᠤᠶᠠᠷ᠂ ᠵᠣᠬᠢᠶᠠᠨ ᠪᠠᠶᠢᠭᠤᠯᠤᠯᠲᠠ ᠶᠢᠨ ᠬᠡᠯᠪᠡᠷᠢ       ᠬᠤᠰᠢᠭᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠮᠡᠷᠭᠡᠵᠢᠯ ᠤᠨ ᠵᠢᠯᠣᠭᠤᠳᠤᠯᠭ᠎ᠠ ᠶᠢ ᠪᠣᠳᠠᠲᠠᠢ ᠬᠠᠷᠢᠭᠤᠴᠠᠨ᠂ ᠬᠠᠷᠢᠶᠠᠲᠤ ᠣᠷᠣᠨ ᠠᠴᠠ ᠬᠠᠮᠢᠶᠠᠷᠬᠤ ᠪᠠ ᠬᠡᠰᠡᠭ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠬᠠᠪᠤᠷ ᠤᠨ ᠤᠯᠠᠷᠢᠯ ᠤᠨ ᠮᠣᠳᠣ ᠳᠠᠷᠢᠵᠤ ᠣᠶᠢᠵᠢᠭᠤᠯᠬᠤ ᠡᠭᠦᠷᠭᠡ ᠪᠠᠨ ᠨᠠᠷᠢᠨ ᠬᠢᠨᠠᠮᠠᠭᠠᠢ ᠪᠡᠶᠡᠯᠡᠭᠦᠯᠦᠨ᠎ᠡ᠃       ᠭᠤᠷᠪᠠ᠂ ᠠᠵᠢᠯᠯᠠᠭᠠᠨ ᠤ ᠴᠠᠭ ᠬᠤᠭᠤᠴᠠᠭ᠎ᠠ       ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ 2023 ᠤᠨ ᠤ ᠬᠠᠪᠤᠷ ᠤᠨ ᠤᠯᠠᠷᠢᠯ ᠤᠨ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ 3 ᠰᠠᠷ᠎ᠠ ᠶᠢᠨ 27 ᠤ ᠡᠳᠦᠷ ︱ 4 ᠰᠠᠷ᠎ᠠ ᠶᠢᠨ 7 ᠤ ᠡᠳᠦᠷ᠃      ᠰᠣᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠡᠯ᠎ᠡ ᠭᠠᠴᠠᠭ᠎ᠠ ᠲᠣᠰᠬᠤᠨ ᠤ 2023 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠬᠤ ᠴᠠᠭ ᠨᠢ 3 ᠰᠠᠷ᠎ᠠ ᠶᠢᠨ 20 ᠤ ᠡᠳᠦᠷ︱ 4 ᠰᠠᠷ᠎ᠠ ᠶᠢᠨ 20 ᠤ ᠡᠳᠦᠷ᠃      ᠳᠥᠷᠪᠡ᠂ ᠠᠵᠢᠯ ᠤᠨ ᠡᠭᠦᠷᠭᠡ       ︵ᠨᠢᠭᠡ︶ ᠰᠢᠶᠠᠨ ᠤ ᠳᠡᠰ ᠤᠨ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠃ ᠰᠢᠶᠠᠨ ᠤ ᠲᠠᠰ ᠤᠨ ᠤᠳᠤᠷᠢᠳᠤᠯᠭ᠎ᠠ ᠪᠣᠯᠣᠨ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠶᠢᠨ ᠺᠠᠳ᠋ᠷᠴᠤᠳ ᠰᠦᠯᠳᠡ ᠰᠤᠮᠤᠨ ᠤ ᠬᠦᠬᠡᠮᠠᠩᠬ᠎ᠠ ᠭᠠᠴᠠᠭᠠᠨ ᠳᠤ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠨ᠎ᠠ᠂ ᠮᠣᠳᠣᠨ ᠤ ᠲᠥᠷᠥᠯ ᠨᠢ ᠵᠢᠭᠠᠷᠲᠤ ᠨᠠᠷᠠᠰᠤ᠂ ᠲᠠᠷᠢᠬᠤ ᠲᠠᠯᠠᠪᠠᠢ ᠨᠢ 350 ᠮᠦ᠂ ᠨᠡᠶᠢᠲᠡ 20000 ᠰᠠᠭᠤᠷᠢ ᠲᠠᠷᠢᠨ᠎ᠠ᠃ ᠦᠦᠰᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠣᠨ ᠦᠦᠰᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ︽ᠬᠤᠶᠠᠷ ᠢ ᠬᠦᠷᠢᠶᠡᠯᠡᠬᠦ ᠤᠢ︾᠂ ᠴᠡᠷᠢᠭ ᠠᠴᠠ ᠬᠠᠯᠠᠭᠳᠠᠭᠰᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ ᠲᠤ ᠠᠯᠪᠠᠨ ᠵᠢᠷᠤᠮ ᠤᠨ ᠮᠣᠳᠣ ᠲᠠᠷᠢᠨ᠎ᠠ᠃ ᠲᠥᠪᠯᠡᠷᠡᠭᠦᠯᠦᠨ ᠮᠣᠳᠣ ᠳᠠᠷᠢᠬᠤ ᠡᠭᠦᠷᠭᠡ ᠠᠴᠠ ᠭᠠᠳᠠᠨ᠎ᠠ ᠡᠯ᠎ᠡ ᠪᠠᠶᠢᠭᠤᠯᠭ᠎ᠠ ᠨᠢᠭᠡᠴᠢ ᠪᠠᠰᠠ ︽3+1︾ ᠬᠠᠷᠢᠯᠴᠠᠨ ᠬᠠᠪᠰᠤᠷᠤᠯᠴᠠᠵᠤ ᠬᠠᠮᠳᠤᠪᠡᠷ ᠪᠠᠶᠢᠭᠤᠯᠬᠤ ᠭᠠᠴᠠᠭ᠎ᠠ ᠲᠣᠰᠬᠤᠨ ᠲᠠᠢ ᠬᠠᠮᠳᠤᠷᠠᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ ᠪᠡᠶᠡᠯᠡᠭᠦᠯᠦᠨ᠎ᠡ᠃       ︵ᠬᠤᠶᠠᠷ︶ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠵᠢᠴᠢ ᠰᠠᠭᠤᠭ᠎ᠠ ᠭᠠᠵᠠᠷ ᠤᠨ ᠠᠵᠤ ᠠᠬᠤᠶᠢᠯᠠᠯ᠃ ᠣᠶᠢᠵᠢᠭᠤᠯᠬᠤ ᠳᠤ ᠲᠣᠬᠢᠷᠠᠮᠵᠢᠲᠠᠢ ᠭᠠᠵᠠᠷ ᠣᠷᠣᠨ ᠢᠶᠠᠨ ᠥᠪᠡᠷᠲᠡᠭᠡᠨ ᠵᠣᠬᠢᠴᠠᠭᠤᠯᠵᠤ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠵᠤ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ ᠲᠣᠰ ᠲᠣᠰ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ 100 ᠮᠦ ᠠᠴᠠ ᠳᠡᠭᠡᠭᠰᠢ ᠪᠡᠶᠡᠯᠡᠭᠦᠯᠦᠨ ᠡᠯ᠎ᠡ ᠭᠠᠴᠠᠭ᠎ᠠ ᠲᠣᠰᠬᠤᠨ ᠠᠯᠪᠠᠨ ᠵᠢᠷᠤᠮ ᠤᠨ ᠮᠣᠳᠣ ᠳᠠᠷᠢᠬᠤ ᠡᠭᠦᠷᠭᠡ ᠶᠢ 30 ᠮᠦ ᠠᠴᠠ ᠳᠡᠭᠡᠭᠰᠢ ᠪᠡᠶᠡᠯᠡᠭᠦᠯᠤᠨ᠎ᠡ᠃ ᠣᠶᠢᠵᠢᠭᠤᠯᠬᠤ ᠡᠭᠦᠷᠭᠡ ᠲᠣᠬᠢᠷᠠᠭᠤᠯᠤᠭᠰᠠᠨ ᠦᠭᠡᠢ ᠠᠵᠤ ᠠᠬᠤᠶᠢᠯᠠᠯ ᠢ ᠬᠠᠷᠢᠶᠠᠲᠤ ᠰᠤᠮᠤ ᠪᠠᠯᠭᠠᠰᠤ ᠠᠴᠠ ᠨᠢ ᠬᠠᠷᠢᠭᠤᠴᠠᠨ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠠᠵᠢᠯ ᠢ ᠵᠣᠬᠢᠶᠠᠨ ᠪᠠᠶᠢᠭᠤᠯᠵᠤ᠂ ᠰᠣᠶᠤᠭ᠎ᠠ ᠮᠣᠳᠣ ᠶᠢ ᠠᠵᠤ ᠠᠬᠤᠶᠢᠯᠠᠯ ᠥᠪᠡᠰᠦᠪᠡᠨ ᠪᠡᠯᠡᠳᠬᠡᠨ᠎ᠡ᠃      ︵ᠭᠤᠷᠪᠠ︶ ᠨᠡᠶᠢᠭᠡᠮ ᠤᠨ ᠪᠦᠯᠬᠦᠮ ᠵᠢᠴᠢ ᠥᠷᠭᠡᠨ ᠣᠯᠠᠨ ᠮᠠᠯᠴᠢᠨ ᠲᠠᠷᠢᠶᠠᠴᠢᠨ᠃ ︽ᠵᠣᠯ ᠵᠢᠷᠭᠠᠯᠲᠤ ᠣᠢ︾ ︽ᠵᠠᠯᠠᠭᠤᠴᠤᠳ ᠤᠨ ᠣᠢ︾ ︽ᠡᠮᠡᠭᠲᠡᠶᠢᠴᠦᠳ ᠤᠨ ᠣᠢ︾ ︽ᠡᠴᠢᠭᠡ ᠡᠬᠡ ᠦᠷ᠎ᠡ ᠬᠡᠦᠬᠡᠳ ᠬᠠᠮᠵᠢᠯᠴᠠᠨ ᠳᠠᠷᠢᠵᠤ ᠣᠶᠢᠵᠢᠭᠤᠯᠬᠤ ᠣᠢ︾ ︽ᠠᠵᠤ ᠠᠬᠤᠶᠢᠯᠠᠯ ᠪᠠ ᠣᠷᠣᠨ ᠨᠤᠲᠤᠭ ᠤᠨ  ᠬᠢᠨ ᠬᠠᠷᠢᠯᠴᠠᠨ ᠬᠠᠪᠰᠣᠷᠣᠯᠴᠠᠨ ᠳᠠᠷᠢᠵᠣ ᠣᠶᠢᠵᠢᠭᠤᠯᠬᠤ ᠣᠢ︾ ︽ᠠᠮᠢ ᠠᠬᠤᠢ ᠶᠢᠨ ᠵᠢᠱᠢᠶᠡᠴᠢ ᠤᠢ︾ ᠵᠡᠷᠭᠡ ᠭᠤᠣᠯ ᠰᠡᠳᠦᠪᠲᠦ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ ᠮᠣᠳᠣ ᠲᠠᠷᠢᠬᠤ ᠭᠠᠵᠠᠷ ᠣᠷᠣᠨ ᠢᠶᠠᠨ ᠥᠪᠡᠰᠦᠪᠡᠨ ᠵᠤᠬᠢᠴᠠᠭᠤᠯᠤᠨ ᠨᠠᠶᠢᠳᠠᠪᠤᠷᠢᠵᠢᠭᠤᠯᠵᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠡᠰᠡᠭ ᠰᠣᠶᠤᠭ᠎ᠠ ᠮᠣᠳᠣ ᠬᠠᠩᠭᠠᠬᠤ ᠶᠢ ᠬᠠᠷᠢᠭᠤᠴᠠᠨ᠎ᠠ᠃ ᠥᠷᠭᠡᠨ ᠣᠯᠠᠨ ᠮᠠᠯᠴᠢᠨ ᠲᠠᠷᠢᠶᠠᠴᠢᠨ ᠭᠡᠷ ᠤᠨ ᠢᠶᠠᠨ ᠬᠠᠵᠠᠭᠤ ᠪᠠᠷ ᠮᠣᠳᠣ ᠲᠠᠷᠢᠬᠤ ᠶᠢᠨ ᠬᠠᠮᠲᠤ ᠰᠤᠮᠤ ᠪᠠᠯᠭᠠᠰᠤ ᠪᠣᠯᠣᠨ ᠭᠠᠴᠠᠭ᠎ᠠ ᠲᠣᠰᠬᠤᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠵᠤ ᠣᠶᠢᠵᠢᠭᠤᠯᠬᠤ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ᠎ᠠ᠃       ᠲᠠᠪᠤ᠂ ᠮᠡᠷᠭᠡᠵᠢᠯ ᠤᠨ ᠱᠠᠭᠠᠷᠳᠠᠯᠭ᠎ᠠ       ︵ᠨᠢᠭᠡ︶ ᠰᠤᠶᠤᠭ᠎ᠠ ᠮᠣᠳᠣᠨ ᠤ ᠬᠠᠩᠭᠠᠯᠭ᠎ᠠ᠃ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠦᠦᠰᠢᠨ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠦᠦᠰᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠢᠷᠤᠮ ᠤᠨ ᠮᠣᠳᠣ ᠳᠠᠷᠢᠬᠤ ᠰᠤᠶᠤᠭ᠎ᠠ ᠮᠣᠳᠣ ᠶᠢ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠨᠢᠭᠡᠳᠦᠯᠲᠡᠢ ᠬᠠᠩᠭᠠᠵᠤ᠂ ᠰᠣᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠠᠵᠤ ᠠᠬᠤᠶᠢᠯᠠᠯ᠂ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ᠳᠤ ᠲᠥᠪᠯᠡᠷᠡᠭᠦᠯᠦᠨ ᠠᠯᠪᠠᠨ ᠵᠢᠷᠤᠮ ᠤᠨ ᠮᠣᠳᠣ ᠳᠠᠷᠢᠵᠤ ᠣᠶᠢᠵᠢᠭᠤᠯᠬᠤ ᠰᠤᠶᠤᠭ᠎ᠠ ᠮᠣᠳᠣ ᠶᠢ ᠥᠪᠡᠰᠦᠪᠡᠨ ᠪᠡᠯᠡᠳᠬᠡᠨ᠎ᠡ᠃ ᠣᠶᠢᠵᠢᠭᠤᠯᠬᠤ ᠢᠳᠡᠪᠬᠢᠵᠢᠯᠲᠠᠢ ᠮᠠᠯᠴᠢᠨ ᠲᠠᠷᠢᠶᠠᠴᠢᠨ᠂ ᠣᠶᠢᠵᠢᠭᠤᠯᠤᠯᠲᠠ ᠶᠢᠨ ᠵᠢᠱᠢᠶ᠎ᠡ ᠦᠵᠡᠭᠦᠯᠬᠦ ᠡᠷᠦᠬᠡ ᠵᠡᠷᠭᠡ ᠳᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠡᠰᠡᠭ ᠰᠤᠶᠤᠭ᠎ᠠ ᠮᠣᠳᠣ ᠶᠢ ᠬᠠᠩᠭᠠᠵᠤ ᠪᠣᠯᠣᠨ᠎ᠠ᠃      ︵ᠬᠤᠶᠠᠷ︶ ᠰᠣᠶᠤᠭ᠎ᠠ ᠮᠣᠳᠣᠨ ᠤ ᠱᠠᠭᠠᠷᠳᠠᠯᠭ᠎ᠠ᠃ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠬᠤ ᠵᠠᠷᠴᠢᠮ ᠢ ᠪᠠᠷᠢᠮᠲᠠᠯᠠᠨ᠂ ᠲᠤᠷᠤᠭ ᠮᠣᠳᠣ ᠲᠠᠷᠢᠬᠤ ᠳᠤ ᠲᠣᠬᠢᠷᠠᠮᠵᠢᠲᠠᠢ ᠪᠣᠯ ᠲᠤᠷᠤᠭ ᠮᠣᠳᠣ ᠲᠠᠷᠢᠵᠤ᠂ ᠤᠰᠤᠯᠠᠬᠤ ᠳᠤ ᠲᠣᠬᠢᠷᠠᠮᠵᠢᠲᠠᠢ ᠪᠣᠯ ᠤᠰᠤᠯᠠᠬᠤ ᠶᠢ ᠪᠠᠷᠢᠮᠲᠠᠯᠠᠨ᠎ᠠ᠃ ᠥᠷᠭᠡᠨ ᠨᠠᠪᠴᠢᠲᠤ ᠲᠤᠷᠤᠭ ᠮᠣᠳᠣᠨ ᠤ ᠡᠰᠢ ᠨᠢ ᠰᠢᠳᠤᠷᠭᠤ᠂ ᠦᠨᠳᠦᠰᠤ ᠨᠢ ᠪᠦᠷᠢᠨ ᠪᠦᠲᠦᠨ᠂ ᠰᠢᠯᠮᠦᠦᠰᠦᠲᠦ ᠲᠥᠷᠥᠯ ᠤᠨ ᠮᠣᠳᠣᠨ ᠤ ᠣᠷᠣᠢ ᠶᠢᠨ ᠭᠡᠰᠡᠭ ᠨᠢ ᠳᠦᠭᠦᠷᠡᠩ᠂ ᠳᠠᠪᠬᠤᠷᠭ᠎ᠠ ᠶᠢᠨ ᠬᠤᠭᠤᠷᠣᠨᠳᠣᠬᠢ ᠵᠠᠢ ᠨᠢ ᠲᠣᠬᠢᠷᠠᠮᠵᠢᠲᠠᠢ᠂ ᠲᠢᠲᠢᠮ ᠬᠡᠯᠪᠡᠷᠢ ᠨᠢ ᠪᠦᠷᠢᠨ ᠪᠦᠲᠦᠨ᠂ ᠮᠠᠰᠢᠨ ᠮᠧᠬᠠᠨᠢᠭ ᠢᠶᠠᠷ ᠭᠡᠮᠲᠦᠭᠡᠭᠰᠡᠨ ᠦᠭᠡᠢ᠂ ᠡᠪᠡᠳᠴᠢᠨ ᠬᠤᠷᠣᠬᠠᠢ ᠶᠢᠨ ᠬᠥᠨᠥᠭᠡᠯ ᠦᠭᠡᠢ ᠪᠠᠶᠢᠵᠤ᠂ ᠵᠢᠭᠠᠷᠲᠤ ᠨᠠᠷᠠᠰᠤ ᠨᠢ ᠰᠢᠮ᠎ᠡ ᠲᠡᠵᠢᠭᠡᠯ ᠤᠨ ᠴᠣᠮᠣ ᠲᠠᠢ ᠪᠠᠶᠢᠬᠤ ᠬᠡᠷᠡᠭᠲᠠᠢ᠃      ︵ᠭᠤᠷᠪᠠ︶ ᠵᠠᠶᠢᠯᠠᠬᠤ ᠱᠠᠭᠠᠷᠳᠠᠯᠭ᠎ᠠ᠃ ᠲᠤᠷᠤᠭ ᠮᠣᠳᠣᠨ ᠤ ᠮᠥᠷ ᠤᠨ ᠵᠠᠢ ᠨᠢ 3m×4m᠂ ᠤᠰᠤᠯᠠᠬᠤ ᠴᠠᠭᠠᠷᠢᠭ ᠤᠨ ᠳ᠋ᠢᠶᠠᠮᠧᠲᠷ ᠨᠢ 1m ᠪᠠᠶᠢᠵᠤ ᠪᠤᠳᠠ ᠮᠣᠳᠣᠨ ᠤ ᠮᠥᠷ ᠤᠨ ᠵᠠᠢ ᠨᠢ 1m×6m ᠪᠠᠶᠢᠬᠤ ᠬᠡᠷᠡᠭᠲᠠᠢ᠃      ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ ᠮᠡᠳᠡᠭᠳᠡᠯ ᠤᠨ ᠱᠠᠭᠠᠷᠳᠠᠯᠭ᠎ᠠ ᠶᠣᠰᠣᠭᠠᠷ 2023 ᠣᠨ ᠤ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠲᠠᠷᠢᠵᠤ ᠣᠶᠢᠵᠢᠭᠤᠯᠵᠤ ᠨᠣᠭᠤᠭᠠᠷᠠᠭᠤᠯᠬᠤ ᠠᠵᠢᠯᠯᠠᠭ᠎ᠠ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ ᠤᠷᠭᠤᠯᠲᠠ  ᠶᠢᠨ ᠨᠤᠷᠮ᠎ᠠ ᠶᠢ ᠪᠠᠲᠤᠯᠠᠨ ᠨᠢᠭᠡ ᠰᠠᠭᠤᠷᠢ ᠲᠠᠷᠢᠪᠠᠯ ᠨᠢᠭᠡ ᠰᠠᠭᠤᠷᠢ ᠨᠢ ᠤᠷᠭᠤᠭᠰᠠᠨ ᠪᠠᠶᠢᠬᠤ ᠶᠢ ᠪᠠᠲᠤᠯᠠᠨ᠎ᠠ᠃ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠣᠶᠢᠵᠢᠭᠤᠯᠬᠤ ᠠᠴᠠ ᠡᠮᠦᠨ᠎ᠡ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠮᠡᠷᠭᠡᠵᠢᠯ ᠤᠨ ᠵᠢᠭᠠᠨ ᠵᠢᠯᠣᠭᠤᠳᠤᠭᠴᠢ ᠲᠠᠢ ᠬᠠᠷᠢᠯᠴᠠᠵᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠰᠣᠶᠤᠭ᠎ᠠ ᠮᠣᠳᠣ ᠶᠢ ᠰᠢᠯᠬ᠋ᠨ ᠬᠢᠨᠠᠬᠤ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠪᠠᠶᠢᠴᠠᠭᠠᠵᠤ ᠰᠢᠯᠭᠠᠨ ᠬᠤᠷᠢᠶᠠᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ ᠬᠤᠰᠢᠭᠤ ᠨᠠᠮ ᠵᠠᠰᠠᠭ ᠤᠨ ᠠᠯᠪᠠᠨ ᠭᠡᠷ ᠤᠨ ᠱᠠᠭᠠᠷᠳᠠᠨ ᠪᠠᠶᠢᠴᠠᠭᠠᠬᠤ ᠲᠠᠰᠤᠭ ᠲᠠᠢ ᠬᠠᠮᠲᠤᠷᠠᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠯᠪᠠᠨ ᠵᠢᠷᠤᠮ ᠤᠨ ᠮᠣᠳᠣ ᠳᠠᠷᠢᠬᠤ ᠶᠢ ᠤᠬᠠᠭᠤᠯᠤᠨ ᠮᠡᠳᠡᠭᠡᠯᠡᠬᠦ ᠠᠵᠢᠯ ᠢ ᠬᠠᠷᠢᠭᠤᠴᠠᠨ᠎ᠠ︔ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠮᠣᠳᠣ ᠳᠠᠷᠢᠬᠤ ᠬᠤᠭᠤᠴᠠᠭᠠᠨ ᠳᠠᠬᠢ ᠵᠠᠮ ᠳᠠᠭᠠᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠬᠠᠷᠢᠭᠤᠴᠠᠨ᠎ᠠ᠃       ︵ᠬᠤᠶᠠᠷ︶ ᠵᠠᠶᠢᠯᠠᠬᠤ ᠶᠠᠰᠤ ᠴᠢᠨᠠᠷ ᠢ ᠦᠨᠡᠨᠬᠦ ᠪᠠᠲᠤᠯᠠᠨ᠎ᠠ᠃ ᠣᠶᠢᠵᠢᠭᠤᠯᠤᠯᠲᠠ ᠶᠢᠨ ᠬᠤᠭᠤᠴᠠᠭᠠᠨ ᠳᠤ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠳ ᠲᠤᠬᠠᠢ ᠶᠢᠨ ᠭᠠᠵᠠᠷ ᠲᠤ ᠮᠡᠷᠭᠡᠵᠢᠯ ᠤᠨ ᠵᠢᠯᠣᠭᠤᠳᠤᠯᠭ᠎ᠠ ︵ᠶᠡᠷᠦᠩᠬᠡᠢ ᠵᠣᠬᠢᠴᠠᠭᠤᠯᠤᠭᠴᠢ ᠄ ᠮᠠᠨᠳᠤᠯ᠎ᠠ 15947653500᠂ ᠵᠢᠶᠣᠣ ᡁᠢ ᠴᠢᠤᠸᠠᠨ 13947797315︶ ᠬᠢᠨ᠎ᠡ᠃       ︵ᠭᠤᠷᠪᠠ︶ ᠤᠬᠠᠭᠤᠯᠭ᠎ᠠ ᠪᠠᠨ ᠴᠢᠩᠭᠠᠳᠬᠠᠨ᠎ᠠ᠃ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠢᠶᠠᠨ ᠰᠣᠩᠭᠤᠨ ᠲᠣᠭᠲᠠᠭᠠᠭᠰᠠᠨ ᠤ ᠳᠠᠷᠠᠭ᠎ᠠ ᠭᠠᠵᠠᠷ ᠵᠦᠢ ᠶᠢᠨ ᠪᠠᠶᠢᠷᠢᠰᠢᠯ ᠢ 4 ᠰᠠᠷ᠎ᠠ ᠶᠢᠨ 20 ᠤ ᠡᠳᠦᠷ ᠠᠴᠠ ᠡᠮᠦᠨ᠎ᠡ ᠦᠦᠰᠢᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠮᠡᠳᠡᠭᠦᠯᠵᠦ ᠪᠣᠶ ᠪᠦᠬᠦᠢ ᠲᠠᠩᠰᠠ ᠡᠪᠬᠡᠮᠡᠯ ᠤᠨ ᠮᠠᠲ᠋ᠧᠷᠢᠶᠠᠯ᠂ ᠠᠵᠢᠯ ᠤᠨ ᠵᠢᠷᠤᠭ ᠲᠥᠯᠥᠪᠯᠡᠭᠡ ᠶᠢ ᠬᠤᠰᠢᠭᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠵᠢᠯ ᠤᠨ ᠲᠠᠰᠤᠭ ᠲᠤ ᠳᠡᠩᠰᠡᠯᠡᠨ ᠲᠡᠮᠳᠡᠭᠯᠡᠨ᠎ᠡ᠃ ᠡᠯ᠎ᠡ ᠰᠤᠮᠤ ᠪᠠᠯᠭᠠᠰᠤ ᠠᠵᠢᠯᠯᠠᠭ᠎ᠠ ᠥᠷᠨᠢᠭᠦᠯᠬᠦ ᠬᠤᠭᠤᠴᠠᠭᠠᠨ ᠳᠠᠭᠠᠨ ᠡᠳᠦᠷ ᠪᠦᠷᠢ ᠶᠢᠨ ᠦᠳᠡ ᠶᠢᠨ ᠬᠤᠶᠢᠨ᠎ᠠ ᠶᠢᠨ 4 ᠴᠠᠭ ᠠᠴᠠ ᠡᠮᠦᠨ᠎ᠡ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠵᠦ ᠲᠤᠭ᠎ᠠ ᠪᠠᠷᠢᠮᠲᠠ᠂ ᠥᠰᠥᠭ ᠪᠢᠴᠢᠭ ᠤᠨ ᠲᠣᠳᠣᠷᠬᠠᠶᠢᠯᠠᠯᠲᠠ ᠵᠢᠴᠢ ᠬᠢᠯᠠᠰ ᠴᠡᠭ ᠤᠨ ᠬᠡᠷᠡᠯ ᠵᠢᠷᠤᠭ ᠲᠠᠢ ᠪᠠᠶᠢᠬᠤ ᠬᠡᠷᠡᠭᠲᠡᠢ ︵ᠬᠠᠷᠢᠯᠴᠠᠬᠤ ᠬᠥᠮᠥᠨ᠄ ᠴᠢᠦᠢ ᠮᠢᠨ 0477—7581900᠂ 18947071361᠂ ᠢᠮᠧᠯ 1767764582@qq.com︶᠃       ︵ᠳᠥᠷᠪᠡ︶ ᠱᠠᠭᠠᠷᠳᠠᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠮᠣᠳᠣ ᠳᠠᠷᠢᠵᠤ ᠣᠶᠢᠵᠢᠭᠤᠯᠬᠤ ᠬᠤᠭᠤᠴᠠᠭᠠᠨ ᠳᠤ ᠬᠤᠰᠢᠭᠤ ᠨᠠᠮ ᠵᠠᠰᠠᠭ ᠤᠨ ᠠᠯᠪᠠᠨ ᠭᠡᠷ ᠮᠣᠳᠣ ᠳᠠᠷᠢᠵᠤ ᠣᠶᠢᠵᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠱᠠᠭᠠᠷᠳᠠᠨ ᠪᠠᠶᠢᠴᠠᠭᠠᠬᠤ ᠶᠢᠨ ᠬᠠᠮᠲᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ  ᠨᠡᠶᠢᠲᠡᠯᠡᠨ᠎ᠡ᠃ ᠵᠣᠬᠢᠶᠠᠨ ᠪᠠᠶᠢᠭᠤᠯᠤᠭᠰᠠᠨ ᠨᠢ ᠬᠦᠴᠦᠳᠠᠢ ᠪᠢᠰᠢ᠂ ᠠᠵᠢᠯᠯᠠᠭ᠎ᠠ ᠨᠢ ᠤᠳᠠᠭᠠᠨ᠂ ᠮᠡᠳᠡᠭᠦᠯᠬᠦ ᠦᠭᠡᠢ ᠪᠤᠶᠤ ᠬᠤᠳᠠᠯ ᠢᠶᠠᠷ ᠮᠡᠳᠡᠭᠦᠯᠦᠭᠰᠡᠨ᠂ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠦᠭᠰᠡᠨ ᠦᠭᠡᠢ ᠪᠠᠶᠢᠭᠤᠯᠭ᠎ᠠ ᠨᠢᠭᠡᠴᠢ ᠶᠢ ᠨᠡᠶᠢᠲᠡᠯᠡᠨ ᠰᠢᠭᠦᠮᠵᠢᠯᠡᠬᠦ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃       ︵ᠲᠠᠪᠤ︶ ᠠᠶᠤᠯᠬᠦᠢ ᠦᠢᠯᠡᠳᠪᠦᠷᠢᠯᠡᠯ ᠢ ᠰᠠᠶᠢᠲᠤᠷ ᠬᠢᠨ᠎ᠡ᠃ ᠡᠯ᠎ᠡ ᠪᠠᠶᠢᠭᠤᠯᠭ᠎ᠠ ᠨᠢᠭᠡᠴᠢ ᠨᠢ ᠲᠣᠰ ᠪᠠᠶᠢᠭᠤᠯᠭ᠎ᠠ ᠨᠢᠭᠡᠴᠢ ᠶᠢᠨ ᠢᠶᠠᠨ ᠠᠵᠢᠯᠲᠠᠨ ᠤ ᠠᠮᠤᠷ ᠲᠦᠪᠰᠢᠨ ᠢ ᠬᠠᠷᠢᠭᠤᠴᠠᠵᠤ ᠠᠯᠪᠠᠨ ᠵᠢᠷᠤᠮ ᠤᠨ ᠮᠣᠳᠣ ᠳᠠᠷᠢᠬᠤ ᠳᠤ ᠣᠷᠤᠯᠴᠠᠬᠤ ᠬᠤᠭᠤᠴᠠᠭᠠᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠤᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ ᠨᠤᠲᠤᠭ ᠪᠡᠯᠴᠢᠭᠡᠷ ᠤᠶᠢᠲᠤ ᠣᠷᠣᠨ ᠳᠤ ᠣᠷᠣᠭᠰᠠᠨ ᠤ ᠳᠠᠷᠠᠭ᠎ᠠ ᠲᠠᠮᠠᠬᠢ ᠲᠠᠲᠠᠬᠤ ᠪᠤᠶᠤ ᠢᠯᠡ ᠭᠠᠯ ᠬᠡᠷᠡᠭᠯᠡᠵᠦ ᠪᠣᠯᠬᠤ ᠦᠭᠡᠢ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠵᠦ ᠣᠶᠢᠵᠢᠭᠤᠯᠬᠤ ᠶᠠᠪᠤᠴᠠ ᠳᠤ ᠪᠠᠭᠠᠵᠢ ᠬᠡᠷᠡᠭᠰᠡᠯ ᠢ ᠵᠢᠷᠤᠮᠵᠢᠭᠤᠯᠤᠨ ᠬᠡᠷᠡᠭᠯᠡᠵᠦ ᠣᠶᠢᠵᠢᠭᠤᠯᠬᠤ ᠠᠵᠢᠯᠯᠠᠭ᠎ᠠ ᠯᠤᠭ᠎ᠠ ᠬᠠᠮᠢᠶ᠎ᠠ ᠦᠭᠡᠢ ᠵᠦᠢᠯᠡᠰ ᠢ ᠬᠢᠬᠦ ᠦᠭᠡᠢ ᠪᠠᠶᠢᠵᠤ᠂ ᠬᠥᠮᠥᠨ ᠤ ᠪᠡᠶ᠎ᠡ ᠶᠢᠨ ᠠᠮᠤᠷ ᠲᠦᠪᠰᠢᠨ ᠢ ᠠᠩᠬᠠᠷᠬᠤ ᠬᠡᠷᠡᠭᠲᠡᠢ᠃ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ