ᠨᠤᠮ ᠰᠤᠳᠤᠷ ᠤᠨ ᠳᠡᠯᠭᠡᠨ ᠪᠤᠷᠤᠯᠠᠭᠤᠯᠭ᠎ᠠ ᠶᠠᠪᠤᠭᠳᠠᠬᠤ ᠪᠠᠷ ᠪᠤᠯᠤᠯ᠎ᠠ
ᠨᠡᠶᠢᠲᠡᠯᠡᠭᠰᠡᠨ ᠴᠠᠭ᠄
2023/4/14
      ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠰ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠤᠭᠴᠠ ᠶᠢᠨ ᠤᠬᠠᠮᠰᠠᠷ ᠢ ᠪᠠᠲᠤᠳᠬᠠᠵᠤ᠂ ᠨᠤᠮ ᠪᠢᠴᠢᠭ ᠤᠨ ᠬᠡᠪᠯᠡᠯ ᠤᠨ ᠠᠵᠢᠯ ᠤᠨ ᠦᠷ᠎ᠡ ᠪᠦᠲᠦᠭᠡᠯ ᠢ ᠬᠤᠪᠢᠶᠠᠯᠴᠠᠨ᠂ ᠪᠦᠬᠦ ᠠᠷᠠᠳ ᠢᠶᠠᠷ ᠢᠶᠠᠨ ᠨᠤᠮ ᠤᠩᠰᠢᠬᠤ ᠶᠢ ᠳᠠᠶᠢᠴᠢᠯᠠᠨ ᠤᠷᠢᠶᠠᠯᠠᠬᠤ ᠶᠢᠨ ᠲᠦᠯᠦᠬᠡ ᠦᠦᠰᠢᠨ ᠬᠤᠰᠢᠭᠤ ᠨᠢ 4 ᠰᠠᠷ᠎ᠠ ᠶᠢᠨ 22 ᠠᠴᠠ 27 ᠡᠳᠦᠷ ᠪᠤᠯᠲᠠᠯ᠎ᠠ ᠦᠦᠰᠢᠨ ᠬᠤᠰᠢᠭᠤᠨ ᠤ ᠰᠤᠶᠤᠯ ᠤᠨ ᠪᠦᠲᠦᠭᠡᠯᠲᠡ ᠠᠵᠤ ᠦᠢᠯᠡᠰ ᠤᠨ ᠬᠦᠷᠢᠶᠡᠯᠡᠩ ᠳᠤ ︽ᠨᠤᠮ ᠤᠨ ᠪᠤᠶᠠᠨᠳᠤ ᠦᠦᠰᠢᠨ᠂ ᠰᠤᠶᠤᠯ ᠤᠨ ᠳᠤᠯᠠᠭᠠᠨ ᠦᠯᠦᠭᠡᠢ︾ ᠨᠤᠮ ᠰᠤᠳᠤᠷ ᠤᠨ ᠳᠡᠯᠭᠡᠨ ᠪᠤᠷᠤᠯᠠᠭᠤᠯᠭ᠎ᠠ ᠪᠤᠯᠤᠨ ᠨᠤᠮ ᠪᠢᠴᠢᠭ ᠤᠨ ᠦᠵᠡᠰᠬᠦᠯᠡᠩ ᠢ ᠡᠷᠬᠢᠯᠡᠨ ᠶᠠᠪᠤᠭᠳᠠᠭᠤᠯᠬᠤ ᠪᠠᠷ ᠪᠤᠯᠤᠯ᠎ᠠ᠃      ᠨᠤᠮ ᠪᠢᠴᠢᠭ ᠢᠶᠠᠨ ᠡᠷᠬᠢᠮᠯᠡᠨ ᠳᠡᠭᠡᠳᠤᠯᠡᠳᠡᠭ ᠤᠩᠰᠢᠭᠴᠢ ᠲᠦᠮᠡᠨ ᠪᠤᠯᠤᠨ ᠡᠯ᠎ᠡ ᠬᠡᠪᠯᠡᠯ ᠮᠡᠳᠡᠭᠡᠯᠡᠯ ᠤᠨ ᠬᠢᠨ ᠤ ᠳᠤᠬᠠᠢ ᠶᠢᠨ ᠴᠠᠭ ᠲᠤ ︽ᠨᠤᠮᠢᠨ ᠲᠠᠩᠰᠤᠭ ᠦᠦᠰᠢᠨ︾ ᠳᠤ ᠮᠤᠷᠢᠯᠠᠨ ᠰᠠᠭᠠᠲᠠᠬᠤ ᠶᠢ ᠬᠦᠰᠡᠨ ᠤᠷᠢᠶᠠᠯᠠᠵᠤ ᠪᠠᠶᠢᠨ᠎ᠠ᠂ ᠭᠡᠶᠢᠬᠦᠯᠤᠨ ᠰᠠᠭᠠᠲᠠᠮᠤ︕                                         ᠰᠤᠷᠪᠤᠯᠵᠢᠯᠠᠭᠴᠢ᠄ ᠪᠤᠶᠠᠨᠲᠤ
ᠢᠷᠡᠯᠲᠡ᠄ ᠦᠦᠰᠢᠨ ᠬᠤᠰᠢᠭᠤᠨ ᠤ ᠰᠤᠶᠤᠯ ᠵᠢᠭᠤᠯᠴᠢᠯᠠᠯ ᠤᠨ ᠲᠤᠪᠴᠢᠶ᠎ᠠ