ᠦᠦᠰᠢᠨ ᠬᠤᠰᠢᠭᠤᠨ ᠤ 2023 ᠣᠨ ᠤ 1 ︱ 2 ᠳ᠋ᠤᠭᠠᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ — ᠡᠳ᠋ ᠤᠨ ᠵᠠᠰᠠᠭ ᠮᠥᠩᠭᠦᠨ ᠭᠦᠢᠯᠭᠡᠭᠡ
ᠨᠡᠶᠢᠲᠡᠯᠡᠭᠰᠡᠨ ᠴᠠᠭ᠄
2023/4/14
      1 ︱2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 106432 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 45428 ᠲᠦᠮᠡᠨ ᠲᠥᠭᠦᠷᠢᠭ ᠨᠡᠮᠡᠭᠳᠡᠵᠦ᠂ 74.5% ᠪᠠᠷ ᠨᠡᠮᠡᠭᠳᠡᠪᠡ᠃ ᠡᠭᠦᠨ ᠳᠤ᠄ ᠭᠠᠶᠢᠯᠢ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 49.9% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 425.1% ᠪᠠᠷ ᠨᠡᠮᠡᠭᠳᠡᠪᠡ᠃ ᠭᠤᠣᠯ ᠪᠣᠯᠬᠤ ᠭᠠᠶᠢᠯᠢ ᠲᠠᠲᠠᠪᠤᠷᠢ ᠶᠢᠨ ᠳᠣᠲᠣᠷ᠎ᠠ᠂ ᠨᠡᠮᠡᠭᠳᠡᠯ ᠦᠷᠳᠡᠭ ᠤᠨ ᠭᠠᠶᠢᠯᠢ 20.8% ᠪᠠᠷ ᠪᠠᠭᠤᠷᠠᠪᠠ︔ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ 37.1% ᠪᠠᠷ ᠪᠠᠭᠤᠷᠠᠪᠠ︔ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ 66.3% ᠪᠠᠷ ᠨᠡᠮᠡᠭᠳᠡᠪᠡ᠃             1 ︱2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢ 92824 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25389 ᠲᠦᠮᠡᠨ ᠲᠥᠭᠦᠷᠢᠭ ᠨᠡᠮᠡᠭᠳᠡᠵᠦ᠂ 37.6% ᠪᠠᠷ ᠨᠡᠮᠡᠭᠳᠡᠪᠡ᠃             2 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 164.35 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.89% ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 12.68% ᠪᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ 41.2% ᠢᠶᠠᠷ ᠨᠡᠮᠡᠭᠳᠡᠪᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 165.57 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.83% ᠪᠠᠷ ᠨᠡᠮᠡᠭᠳᠡᠪᠡ᠂ ᠡᠭᠦᠨ ᠳᠤ᠄ ᠣᠬᠤᠷ ᠬᠤᠭᠤᠴᠠᠭᠠᠨ ᠤ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 17.7%  ᠪᠠᠷ ᠨᠡᠮᠡᠭᠳᠡᠵᠤ᠂ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ︔ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠳᠤᠮᠳᠠ᠂ ᠬᠤᠪᠢ ᠬᠦᠮᠦᠨ ᠤ ᠬᠡᠷᠡᠭᠯᠡᠭᠡᠨ ᠤ ᠵᠢᠭᠡᠯᠡᠯᠭᠡ ᠠᠳᠠᠯᠢ ᠬᠤᠭᠤᠴᠠᠭᠠᠨ ᠤ  ᠬᠢ ᠠᠴᠠ 14.71%  ᠪᠠᠷ ᠨᠡᠮᠡᠭᠳᠡᠪᠡ᠃    
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ