ᠦᠦᠰᠢᠨ ᠬᠤᠰᠢᠭᠤᠨ ᠤ 2023 ᠣᠨ ᠤ 1 ︱2 ᠳ᠋ᠤᠭᠠᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ︱ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ
ᠨᠡᠶᠢᠲᠡᠯᠡᠭᠰᠡᠨ ᠴᠠᠭ᠄
2023/4/14
      1 ︱ 2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.3% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 17.23% ᠪᠠᠷ ᠨᠡᠮᠡᠭᠳᠡᠪᠡ᠃ ᠬᠦᠷᠢᠶ᠎ᠡ ᠬᠡᠪᠴᠢᠶ᠎ᠡ ᠪᠠᠷ ᠨᠢ ᠬᠤᠪᠢᠶᠠᠪᠠᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.3% ᠪᠠᠷ ᠪᠠᠭᠤᠷᠠᠪᠠ︔ ᠠᠭᠤᠷᠬᠠᠢ ᠮᠠᠯᠲᠠᠬᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 597% ᠪᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1605.7% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 501.2% ᠢᠶᠠᠷ ᠨᠡᠮᠡᠭᠳᠡᠪᠡ︔ ᠠᠵᠤ ᠦᠢᠯᠡᠰ ᠢᠶᠠᠷ ᠨᠢ ᠬᠤᠪᠢᠶᠠᠪᠠᠯ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 335.6% ᠪᠠᠷ ᠨᠡᠮᠡᠭᠳᠡᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.1% ᠪᠠᠷ ᠪᠠᠭᠤᠷᠠᠪᠠ᠃       2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 83 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 32᠂ 500 ᠲᠦᠮᠡ ︱ 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 19᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 32 ᠪᠣᠶ᠃ ᠪᠥᠬᠦ ᠬᠤᠰᠢᠭᠤᠨ ᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 1 ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 620.6% ᠪᠠᠷ ᠨᠡᠮᠡᠭᠳᠡᠵᠤ᠂ ᠪᠥᠬᠦ ᠪᠡᠯᠡ ᠣᠷᠣᠭᠤᠯᠤᠯᠲᠠ ᠶᠢᠨ 92.34% ᠶᠢ ᠡᠵᠡᠯᠡᠪᠡ᠃ ᠬᠤᠲᠠ ᠶᠢᠨ ᠱᠠᠲᠤᠨ ᠤ ᠲᠣᠬᠢᠷᠠᠭᠤᠯᠤᠭᠰᠠᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ ᠨᠢᠭᠡᠨᠲᠡ 16 ᠲᠦᠷᠦᠯ ᠵᠦᠢᠯ ᠢ ᠬᠥᠮᠥᠷᠭᠡ ᠳᠤ ᠣᠷᠣᠭᠤᠯᠵᠤ᠂ 3.63 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃    
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ