ᠦᠦᠰᠢᠨ ᠬᠤᠰᠢᠭᠤᠨ ᠤ 2023 ᠣᠨ ᠤ 1 — 2 ᠳ᠋ᠤᠭᠠᠷ ᠰᠠᠷ᠎ᠠ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ — ᠨᠡᠶᠢᠭᠡᠮ ᠤᠨ ᠬᠡᠷᠡᠭᠯᠡᠭᠡ
ᠨᠡᠶᠢᠲᠡᠯᠡᠭᠰᠡᠨ ᠴᠠᠭ᠄
2023/4/14
      1 — 2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2%  ᠢᠶᠠᠷ ᠨᠡᠮᠡᠭᠳᠡᠵᠤ᠂ ᠬᠤᠶᠠᠷ ᠵᠢᠯ ᠳᠤ ᠳᠤᠮᠳᠠᠴᠢ ᠪᠠᠷ 4.03% ᠪᠠᠷ ᠨᠡᠮᠡᠭᠳᠡᠪᠡ᠃ ᠡᠭᠦᠨ ᠳᠤ᠄ ᠬᠢᠵᠠᠭᠠᠷᠯᠠᠭᠰᠠᠨ ᠪᠠᠶᠢᠭᠤᠯᠭ᠎ᠠ ᠨᠢᠭᠡᠴᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ  ᠬᠢ ᠠᠴᠠ 8.7% ᠪᠠᠷ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 2.6% ᠪᠠᠷ ᠪᠠᠭᠤᠷᠠᠪᠠ᠃ ᠡᠵᠡᠩᠨᠡᠯᠲᠡ ᠶᠢᠨ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 8.7% ᠪᠠᠷ ᠪᠠᠭᠤᠷᠠᠵᠤ᠂ ᠬᠥᠳᠡᠭᠡ ᠲᠣᠰᠬᠤᠨ ᠤ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 55.6% ᠪᠠᠷ ᠨᠡᠮᠡᠭᠳᠡᠪᠡ︔ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ  ᠬᠢ ᠠᠴᠠ 11.7% ᠪᠠᠷ ᠪᠠᠭᠤᠷᠠᠪᠠ︔ ᠬᠢᠵᠠᠭᠠᠷᠯᠠᠭᠰᠠᠨ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃      1 — 2 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 14% ᠪᠠᠷ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠦᠢᠯᠡᠳᠬᠦᠨ ᠤ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 34.4% ᠳᠤ ᠬᠦᠷᠴᠡᠢ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 22.1% ᠪᠠᠷ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 24.8% ᠳᠤ ᠬᠦᠷᠴᠡᠢ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡᠨ ᠤ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 20.1% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠦᠢᠯᠡᠳᠬᠦᠨ ᠤ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 7.8% ᠳᠤ ᠬᠦᠷᠴᠡᠢ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ ᠬᠢᠲᠠᠳ ᠡᠸᠦ᠋ᠷᠦᠫᠡ ᠡᠮ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 4.5% ᠳᠤ ᠬᠦᠷᠴᠡᠢ᠃ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ