ᠠᠯᠪᠠᠨ ᠭᠡᠷ ᠤᠨ ᠰᠠᠯᠠᠭᠠᠨ ᠲᠠᠰ ᠤᠨ ᠺᠠᠳ᠋ᠷ ᠤᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠢ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/19
                                   ᠦᠦᠰᠢᠨ ᠵᠠᠰᠠᠭ ᠠᠯᠪᠠᠨ ᠳᠠᠷᠬᠠᠭᠠᠬᠤ ﹇2023﹈ 7 ᠳ᠋ᠤᠭᠠᠷ ᠲᠣᠭᠠᠲᠤ                              ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠠᠵᠢᠯᠲᠠᠨ ᠤ ᠲᠣᠬᠢᠷᠠᠭᠤᠯᠤᠯᠲᠠ ᠠᠴᠠ ᠪᠣᠯᠵᠤ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠬᠤ ᠪᠠᠷ ᠳᠠᠮᠵᠢᠭᠠᠳ᠂ ᠠᠯᠪᠠᠨ ᠭᠡᠷ ᠤᠨ ᠰᠠᠯᠠᠭᠠᠨ ᠲᠠᠰ ᠤᠨ ᠺᠠᠳ᠋ᠷ ᠤᠨ ᠠᠵᠢᠯ ᠤᠨ ᠬᠤᠪᠢᠶᠠᠷᠢᠯᠠᠯ ᠢ ᠳᠣᠣᠷᠠᠬᠢ ᠮᠡᠲᠦ ᠲᠣᠬᠢᠷᠠᠭᠤᠯᠤᠯ᠎ᠠ᠃      ᠵᠠᠩ ᠬᠠᠢ ᠹᠧᠩ   ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ      ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠥᠬᠦ ᠲᠠᠯ᠎ᠠ ᠶᠢᠨ ᠠᠵᠢᠯ ᠢ ᠡᠷᠬᠢᠯᠡᠨ᠎ᠡ᠃      ᠸᠠᠩ ᠶᠢᠩ   ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠠᠯᠪᠠᠨ ᠭᠡᠷ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ      ᠠᠯᠪᠠᠨ ᠭᠡᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ᠬᠥ᠋ ᠽᠢ ᠬᠠᠢ   ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ      ᠡᠷᠬᠢᠯᠡᠭᠴᠢ ᠶᠢ ᠬᠠᠪᠰᠤᠷᠤᠨ ᠬᠤᠰᠢᠭᠤ ᠳᠡᠳ᠋ ᠳᠠᠷᠤᠭ᠎ᠠ ᠺᠠᠩ ᠷᠦᠢ ᠪᠠ ᠴᠠᠩ ᠢᠦᠢ ᠵᠢᠶᠦ᠋ᠨ ᠤ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃      ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠵᠠᠰᠠᠭ ᠤᠨ ᠶᠠᠪᠤᠳᠠᠯ ᠤᠨ ᠨᠢᠭᠡᠳᠦᠭᠡᠷ ᠲᠠᠰᠤᠭ ︵ᠠᠵᠤ ᠦᠢᠯᠡᠳᠪᠦᠷᠢ︶᠂ ᠵᠠᠰᠠᠭ ᠤᠨ ᠶᠠᠪᠤᠳᠠᠯ ᠤᠨ ᠲᠠᠪᠤᠳᠤᠭᠠᠷ ᠲᠠᠰᠤᠭ ︵ᠳᠣᠲᠣᠭᠠᠳᠤ ᠶᠢ ᠬᠠᠮᠠᠭᠠᠯᠠᠬᠤ︶᠂ ᠮᠡᠳᠡᠭᠡ ᠵᠠᠩᠭᠢ ᠶᠢᠨ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠢ ᠬᠤᠪᠢᠶᠠᠷᠢᠯᠠᠨ ᠬᠠᠮᠢᠶᠠᠷᠤᠨ᠎ᠠ᠃      ᠪᠢᠶᠠᠨ ᠲᠤᠤ   ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠡᠷᠬᠢᠯᠡᠭᠴᠢ ᠶᠢ ᠬᠠᠪᠰᠤᠷᠤᠨ ᠬᠤᠰᠢᠭᠤ ᠳᠠᠷᠤᠭ᠎ᠠ ᠰᠢᠨ᠎ᠡ ᠶᠢᠨ ᠡᠳᠦᠷ ᠲᠤᠲᠤᠮ ᠤᠨ ᠠᠵᠢᠯ ᠪᠠ ᠬᠤᠰᠢᠭᠤ ᠳᠡᠳ᠋ ᠳᠠᠷᠤᠭ᠎ᠠ ᠵᠧᠦ ᠱᠤᠸᠠᠢ ᠶᠢᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃      ᠵᠠᠰᠠᠭ ᠤᠨ ᠣᠷᠳᠣᠨ ᠤ ᠪᠥᠬᠦᠳᠡ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠪᠠᠶᠢᠩᠭᠤ ᠶᠢᠨ ᠬᠤᠷᠠᠯ ᠵᠢᠴᠢ ᠪᠤᠰᠤᠳ ᠴᠢᠬᠤᠯᠠ ᠶᠡᠭᠡ ᠬᠤᠷᠠᠯ ᠤᠨ ᠠᠵᠢᠯᠯᠠᠭ᠎ᠠ ᠶᠢ ᠪᠡᠯᠡᠳᠬᠡᠬᠦ ᠪᠠ ᠬᠠᠷᠢᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠰᠠᠨᠠᠭᠤᠯᠭ᠎ᠠ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠭᠦᠢᠴᠡᠳᠬᠡᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ᠂ ᠠᠶᠤᠯᠬᠦᠢ ᠦᠢᠯᠡᠳᠪᠦᠷᠢᠯᠡᠯ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠦᠢᠯᠡᠴᠢᠯᠡᠭᠡ᠂ ᠠᠯᠪᠠᠨ ᠪᠢᠴᠢᠭ ᠤᠨ ᠡᠷᠬᠢᠯᠲᠡ᠂ ᠤᠬᠠᠭᠤᠯᠤᠨ ᠮᠡᠳᠡᠭᠡᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠶᠡᠷᠦᠩᠬᠡᠶᠢᠯᠡᠭᠰᠡᠨ ᠲᠠᠰᠤᠭ᠂ ᠪᠠᠶᠢᠩᠭᠤ ᠶᠢᠨ ᠠᠵᠢᠯ ᠤᠨ ᠲᠠᠰᠤᠭ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠬᠤᠷᠠᠯ ᠤᠨ ᠲᠠᠰᠤᠭ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠢ ᠬᠤᠪᠢᠶᠠᠷᠢᠯᠠᠨ ᠬᠠᠮᠢᠶᠠᠷᠤᠨ᠎ᠠ᠃      ᠴᠠᠭᠠᠨᠴᠢᠯᠠᠭᠤ   ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ      ᠡᠷᠬᠢᠯᠡᠭᠴᠢ ᠶᠢ ᠬᠠᠪᠰᠤᠷᠤᠨ ᠬᠤᠰᠢᠭᠤ ᠳᠡᠳ᠋ ᠳᠠᠷᠤᠭ᠎ᠠ ᠶᠤᠸᠠᠢ ᠵᠧᠨ ᠷᠦᠩ ᠪᠣᠯᠣᠨ ᠠᠯᠲᠠᠨᠴᠢᠯᠠᠭᠤ ᠶᠢᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃      ᠠᠯᠪᠠᠨ ᠭᠡᠷ ᠤᠨ ᠡᠳᠦᠷ ᠲᠤᠲᠤᠮ ᠤᠨ ᠬᠡᠷᠡᠭ ᠶᠠᠪᠤᠳᠠᠯ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠰᠦᠯᠵᠢᠶᠡᠨ ᠤ ᠠᠮᠤᠷ ᠲᠦᠪᠰᠢᠨ᠂ ᠵᠥᠭᠡᠯᠡᠨ ᠲᠣᠨᠤᠭ ᠤᠨ ᠬᠡᠪᠯᠡᠯ ᠤᠨ ᠵᠢᠩᠭᠢᠨᠢᠵᠢᠬᠦᠯᠦᠯᠲᠡ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠲᠣᠰᠬᠤᠨ ᠳᠤ ᠰᠠᠭᠤᠬᠤ ᠶᠢ ᠳᠠᠭᠠᠭᠠᠴᠢᠯᠠᠨ ᠬᠤᠯᠪᠣᠭᠠᠯᠠᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠵᠠᠰᠠᠭ ᠤᠨ ᠶᠠᠪᠤᠳᠠᠯ ᠤᠨ ᠬᠤᠶᠠᠳᠤᠭᠠᠷ ᠳᠠᠰᠤᠭ ︵ᠮᠠᠯ ᠲᠠᠷᠢᠶᠠᠯᠠᠩ ᠠᠵᠤ ᠠᠬᠤᠢ︶᠂ ᠵᠠᠰᠠᠭ ᠤᠨ ᠶᠠᠪᠤᠳᠠᠯ ᠤᠨ ᠳᠥᠷᠪᠡᠳᠦᠭᠡᠷ ᠳᠠᠰᠤᠭ ︵ᠬᠤᠲᠠ ᠶᠢᠨ ᠪᠦᠲᠦᠭᠡᠨ ᠪᠠᠶᠢᠭᠤᠯᠤᠯᠲᠠ︶᠂ ᠠᠯᠪᠠᠨ ᠭᠡᠷ᠂ ᠵᠠᠰᠠᠭ ᠵᠠᠬᠢᠷᠭᠠᠨ ᠤ ᠲᠠᠰᠤᠭ᠂ ᠵᠢᠯᠣᠭᠤᠴᠢ ᠶᠢᠨ ᠲᠠᠰᠤᠭ᠂ ᠵᠢᠵᠢᠭᠦᠷ ᠤᠨ ᠲᠠᠰᠤᠭ᠂ ᠣᠷᠴᠢᠭᠤᠯᠭ᠎ᠠ ᠶᠢᠨ ᠲᠠᠰᠤᠭ᠂ ᠵᠠᠰᠠᠭ ᠤᠨ ᠤᠷᠳᠤᠨ ᠤ ᠮᠣᠩᠭᠤᠯ ᠰᠦᠯᠵᠢᠶᠡᠨ ᠤ ᠠᠵᠢᠯ ᠤᠨ ᠲᠠᠰᠤᠭ᠂ ᠬᠤᠰᠢᠭᠤ ᠠᠮᠢ ᠠᠬᠤᠢ ᠶᠢᠨ ᠬᠠᠮᠠᠭᠠᠯᠠᠯᠲᠠ ᠬᠢᠭᠡᠳ ᠬᠥᠭᠵᠢᠯᠲᠡ ᠶᠢ ᠵᠣᠬᠢᠴᠠᠭᠤᠯᠬᠤ ᠦᠢᠯᠡᠴᠢᠯᠡᠭᠡᠨ ᠤ ᠲᠥᠪ ᠢ ᠬᠤᠪᠢᠶᠠᠷᠢᠯᠠᠨ ᠬᠠᠮᠢᠶᠠᠷᠤᠨ᠎ᠠ᠃      ᠭᠤᠣ ᠵᠢᠶᠦ᠋ᠨ   ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ      ᠡᠷᠬᠢᠯᠡᠭᠴᠢ ᠶᠢ ᠬᠠᠪᠰᠤᠷᠤᠨ ᠬᠤᠰᠢᠭᠤ ᠳᠡᠳ᠋ ᠳᠠᠷᠤᠭ᠎ᠠ ᠵᠣᠣ ᠬᠤᠶ ᠪᠣᠯᠣᠨ ᠮᠠ ᠯᠢ ᠵᠢᠶᠧ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃      ᠱᠠᠭᠠᠷᠳᠠᠨ ᠪᠠᠶᠢᠴᠠᠭᠠᠬᠤ᠂ ᠡᠯ᠎ᠡ ᠱᠠᠲᠤᠨ ᠤ ᠡᠯ᠎ᠡ ᠲᠥᠷᠥᠯ ᠤᠨ ᠲᠣᠭᠤᠷᠢᠨ ᠦᠵᠡᠬᠦ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ᠂ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠵᠠᠰᠠᠭ ᠤᠨ ᠶᠠᠪᠤᠳᠠᠯ ᠤᠨ ᠭᠤᠷᠪᠠᠳᠤᠭᠠᠷ ᠲᠠᠰᠤᠭ ︵ᠨᠡᠶᠢᠭᠡᠮ ᠤᠨ ᠠᠵᠢᠯ ᠦᠢᠯᠡᠰ︶᠂ ᠱᠠᠭᠠᠷᠳᠠᠨ ᠪᠠᠶᠢᠴᠠᠭᠠᠬᠤ ᠲᠠᠰᠤᠭ᠂ ᠭᠠᠳᠠᠭᠠᠳᠤ ᠶᠠᠪᠤᠳᠠᠯ ᠤᠨ ᠠᠯᠪᠠᠨ ᠭᠡᠷ ᠢ ᠬᠤᠪᠢᠶᠠᠷᠢᠯᠠᠨ ᠬᠠᠮᠢᠶᠠᠷᠤᠨ᠎ᠠ᠃      ᠤᠶᠤᠨᠲᠠᠨ᠎ᠠ   ᠬᠥᠭᠵᠢᠬᠦᠯᠦᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ      ᠬᠤᠰᠢᠭᠤ ᠬᠥᠭᠵᠢᠬᠦᠯᠦᠯᠲᠡ ᠶᠢᠨ ᠰᠤᠳᠤᠯᠭᠠᠨ ᠤ ᠲᠥᠪ ᠤᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠳᠡᠳ᠋ ᠡᠷᠬᠢᠯᠡᠭᠴᠢ ᠭᠤᠣ ᠵᠢᠶᠦ᠋ᠨ ᠢ ᠬᠠᠮᠵᠢᠨ ᠬᠤᠰᠢᠭᠤ ᠳᠡᠳ᠋ ᠳᠠᠷᠤᠭ᠎ᠠ ᠵᠣᠣ ᠬᠤᠶ ᠶᠢᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠣᠩᠭᠤᠯ ᠬᠡᠯᠡᠨ ᠤ ᠣᠷᠴᠢᠭᠤᠯᠭ᠎ᠠ᠂ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠠᠶᠢᠭᠤᠯᠬᠤ᠂ ᠠᠵᠢᠯᠴᠢᠨ ᠤ ᠡᠪᠯᠡᠯ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠤᠭᠠᠲᠤ ᠬᠤᠷᠠᠯ᠂ ᠴᠢᠳᠠᠪᠤᠷᠢᠲᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠮᠥᠩᠬᠡᠪᠠᠶᠠᠨ   ᠵᠢᠩᠬᠢᠨᠢ ᠰᠠᠯᠠᠭᠠᠨ ᠳᠡᠰ ᠤᠨ ᠺᠠᠳ᠋ᠷ      ᠡᠷᠬᠢᠯᠡᠭᠴᠢ ᠶᠢ ᠬᠠᠪᠰᠤᠷᠤᠨ ISO14001 ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ᠬᠤᠪᠢ   ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ      ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠡᠷᠬᠢᠯᠡᠭᠴᠢ ᠶᠢ ᠬᠠᠪᠰᠤᠷᠤᠨ ᠮᠥᠩᠭᠦᠨ ᠭᠦᠢᠯᠭᠡᠭᠡᠨ ᠤ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      ᠼᠤᠤ ᠵᠢᠶᠦ᠋ᠨ ᠰᠢᠶᠠ   ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠳᠡᠳ᠋ ᠡᠷᠬᠢᠯᠡᠭᠴᠢ      ᠡᠷᠬᠢᠯᠡᠭᠴᠢ ᠶᠢ ᠬᠠᠪᠰᠤᠷᠤᠨ ᠭᠠᠳᠠᠭᠠᠳᠤ ᠶᠠᠪᠤᠳᠠᠯ ᠤᠨ ᠠᠯᠪᠠᠨ ᠭᠡᠷ ᠤᠨ ᠠᠵᠢᠯ ᠢ ᠬᠠᠷᠢᠭᠤᠴᠠᠵᠤ᠂ ᠳᠡᠳ᠋ ᠡᠷᠬᠢᠯᠡᠭᠴᠢ ᠭᠤᠣ ᠵᠢᠶᠦ᠋ᠨ ᠢ ᠬᠠᠪᠰᠤᠷᠤᠨ ᠬᠤᠰᠢᠭᠤ ᠳᠡᠳ᠋ ᠳᠠᠷᠤᠭ᠎ᠠ ᠮᠠ ᠯᠢ ᠵᠢᠶᠧ ᠤᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃      ᠸᠠᠨ ᠶᠠᠨ ᠹᠧᠢ   ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ      ᠳᠡᠳ᠋ ᠡᠷᠬᠢᠯᠡᠭᠴᠢ ᠴᠠᠭᠠᠨᠴᠢᠯᠠᠭᠤ ᠶᠢ ᠬᠠᠪᠰᠤᠷᠤᠨ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠶᠢᠨ ᠬᠤᠪᠢᠶᠠᠷᠢᠯᠠᠨ ᠬᠠᠮᠢᠶᠠᠷᠴᠤ ᠪᠠᠶᠢᠭ᠎ᠠ ᠠᠵᠢᠯ ᠢ ᠵᠣᠬᠢᠴᠠᠭᠤᠯᠤᠨ ᠰᠢᠢᠳᠪᠦᠷᠢᠯᠡᠨ᠎ᠡ᠃                                                                                    ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                         2023 ᠣᠨ ᠤ 3 ᠰᠠᠷ᠎ᠠ ᠶᠢᠨ 13 ᠤ ᠡᠳᠦᠷ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ