ᠮᠠᠨ ᠤ ᠬᠤᠰᠢᠭᠤᠨ ᠤ ᠡᠯ᠎ᠡ ᠪᠠᠭ᠎ᠠ ᠰᠤᠷᠭᠠᠭᠤᠯᠢ ᠶᠢᠨ ᠬᠢᠨ ᠪᠠᠶᠠᠯᠢᠭ ᠠᠭᠤᠯᠭ᠎ᠠ ᠲᠠᠢ ᠠᠵᠢᠯᠯᠠᠭ᠎ᠠ ᠪᠠᠷ ᠲᠡᠯᠡᠬᠡᠢ ᠶᠢᠨ ᠨᠣᠮ ᠤᠩᠰᠢᠬᠤ ᠡᠳᠦᠷ ᠢ ᠲᠡᠮᠲᠡᠭᠯᠡᠯ᠎ᠡ
ᠨᠡᠶᠢᠲᠡᠯᠡᠭᠰᠡᠨ ᠴᠠᠭ᠄
2023/4/25
      ᠤᠶᠢᠷ᠎ᠠ ᠶᠢᠨ ᠡᠳᠦᠷ᠂ ᠬᠤᠰᠢᠭᠤ ᠲᠣᠷᠰᠢᠯᠲᠠ ᠶᠢᠨ ᠪᠠᠭ᠎ᠠ ᠰᠤᠷᠭᠠᠭᠤᠯᠢ ︽ᠤᠷᠮ᠎ᠠ ᠲᠠᠢ ᠣᠩᠰᠢᠯᠭ᠎ᠠ ᠤᠬᠠᠭᠠᠨ ᠬᠤᠷᠴᠠᠯᠠᠨ᠎ᠠ︾ ᠭᠡᠬᠦ ᠨᠣᠮ ᠤᠩᠰᠢᠯᠭ᠎ᠠ ᠶᠢᠨ ᠰᠢᠷᠢᠰ ᠠᠵᠢᠯᠯᠠᠭᠠᠨ ᠤ ᠳᠠᠶᠢᠴᠢᠯᠠᠯᠲᠠ ᠶᠢᠨ ᠬᠤᠷᠠᠯ ᠢ ᠶᠠᠪᠤᠭᠳᠠᠭᠤᠯᠵᠤ᠂ ᠪᠠᠭᠰᠢ᠂ ᠰᠤᠷᠤᠭᠴᠢ᠂ ᠭᠡᠷ ᠤᠨ ᠠᠬᠠᠮᠠᠳ ᠪᠦᠭᠦᠳᠡᠭᠡᠷ ᠢᠶᠠᠨ ᠨᠣᠮ ᠤᠩᠰᠢᠬᠤ ᠰᠠᠶᠢᠬᠠᠨ ᠳᠠᠳᠬᠠᠯ ᠲᠠᠢ ᠪᠤᠯᠬᠤ ᠶᠢ ᠳᠠᠶᠢᠴᠢᠯᠠᠨ᠂ ᠰᠢᠯᠦᠭ ᠤᠨ ᠤᠷᠤᠯᠳᠤᠭᠠᠨ᠂ ᠦᠨᠳᠦᠰᠦᠲᠡᠨ ᠤ ᠵᠠᠩ ᠦᠢᠯᠡ ᠶᠢᠨ ᠬᠢᠴᠢᠶᠡᠯᠯᠡᠭᠡ ᠵᠡᠷᠭᠡ  ᠶᠢ ᠡᠷᠬᠢᠯᠡᠭᠰᠡᠨ ᠪᠠᠶᠢᠨ᠎ᠠ᠃ ᠬᠤᠰᠢᠭᠤ ᠲᠠᠪᠤᠳᠤᠭᠠᠷ ᠪᠠᠭ᠎ᠠ ᠰᠤᠷᠭᠠᠭᠤᠯᠢ ᠳᠤ ︽ᠬᠠᠶᠢᠷ᠎ᠠ ᠶᠢᠨ ᠨᠠᠨᠳᠢᠨ ᠪᠡᠯᠡᠭ︾ ᠨᠤᠮ ᠬᠦᠷᠭᠡᠬᠦ ᠲᠤᠰᠬᠠᠢ ᠰᠡᠲᠦᠪᠲᠤ ᠠᠵᠢᠯᠯᠠᠭ᠎ᠠ ᠶᠠᠪᠤᠭᠳᠠᠵᠤ᠂ ᠨᠡᠶᠢᠬᠡᠮ ᠤᠨ ᠬᠠᠯᠠᠭᠤᠨ ᠰᠡᠳᠬᠢᠯᠲᠡᠨ ᠠᠴᠠ ᠰᠤᠷᠤᠭᠴᠢᠳ ᠲᠤ ᠨᠤᠮ ᠬᠦᠷᠭᠡᠵᠤ᠂ ᠰᠤᠷᠤᠭᠴᠢᠳ ᠤᠨ ᠨᠤᠮ ᠤᠩᠰᠢᠬᠤ ᠤᠷᠮ᠎ᠠ  ᠶᠢ ᠬᠦᠭᠵᠢᠭᠡᠯ᠎ᠡ᠃
2.png
1.png
3.png
5.png
6.png
4.png
8.jpg
7.png
                                ᠰᠤᠷᠪᠤᠯᠵᠢᠯᠠᠭᠴᠢ᠄ ᠬᠠᠰᠪᠤᠶᠠᠨᠲᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ