2023 ᠣᠨ ᠤ 1 ︱ 2 ᠳ᠋ᠤᠭᠠᠷ ᠰᠠᠷ᠎ᠠ ᠶᠢᠨ ᠦᠦᠰᠢᠨ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ — ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ
ᠨᠡᠶᠢᠲᠡᠯᠡᠭᠰᠡᠨ ᠴᠠᠭ᠄
2023/4/3
      2023 ᠣᠨ ᠤ 1︱2 ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 37.3% ᠪᠠᠷ ᠨᠡᠮᠡᠭᠳᠡᠵᠦ᠂ 2022 ᠣᠨ ᠤ ᠪᠥᠬᠦ ᠵᠢᠯ ᠤᠨ ᠬᠢ ᠠᠴᠠ 27.3 ᠵᠠᠭᠤᠨ ᠤ ᠨᠢᠭᠡᠴᠢ ᠲᠦᠷᠭᠡᠨ ᠪᠣᠯᠵᠤ᠂ ᠬᠤᠶᠠᠷ ᠵᠢᠯ ᠳᠤ ᠳᠤᠮᠳᠠᠴᠢ ᠪᠠᠷ 17.23% ᠢᠶᠠᠷ ᠨᠡᠮᠡᠭᠳᠡᠵᠡᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 535.6% ᠪᠠᠷ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.1% ᠪᠠᠷ ᠪᠠᠭᠤᠷᠠᠪᠠ᠃ ᠬᠦᠷᠢᠶ᠎ᠡ ᠬᠡᠪᠴᠢᠶ᠎ᠡ ᠪᠠᠷ ᠨᠢ ᠠᠪᠴᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 95.3% ᠢᠶᠠᠷ ᠪᠠᠭᠤᠷᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 501.2% ᠢᠶᠠᠷ ᠨᠡᠮᠡᠭᠳᠡᠵᠡᠢ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ