ᠤᠯᠠᠭᠠᠨᠳᠤᠯᠤᠭᠠᠢ ᠪᠠᠯᠭᠠᠰᠤᠨ ᠤ ᠪᠠᠶᠠᠨᠰᠢᠯᠢ ᠭᠠᠴᠠᠭᠠᠨ ᠤ ᠤᠯᠠᠭᠠᠨᠬᠦᠦ ᠪᠣᠯ 2018 ᠤᠨ ᠳᠤ ᠦᠪᠦᠷ ᠮᠣᠩᠭᠤᠯ ᠤᠨ ᠡᠳ᠋ ᠤᠨ ᠵᠠᠰᠠᠭ ᠤᠨ ᠶᠡᠭᠡ | ᠰᠤᠷᠭᠠᠭᠤᠯᠢ ᠠᠴᠠ ᠲᠡᠬᠦᠰᠦᠭᠰᠡᠨ ᠣᠶᠣᠳᠠᠨ ᠶᠣᠮ᠃ ᠲᠡᠷᠡ ᠪᠣᠰᠣᠳ ᠬᠠᠮᠳᠣ ᠰᠣᠷᠣᠯᠭᠠᠳᠠᠨ ᠲᠠᠢ ᠠᠳᠠᠯᠢ ᠪᠠᠷ ᠶᠡᠭᠡ ᠬᠤᠳᠠ ᠶᠢ ᠵᠣᠷᠢᠵᠣ ᠠᠵᠢᠯ ᠣᠯᠵᠣ | ᠦᠢᠯᠡᠰ ᠡᠷᠬᠢᠯᠡᠨ᠎ᠡ ᠬᠡᠰᠡᠨ ᠦᠬᠡᠢ ᠬᠠᠷᠢᠨ ᠲᠦᠷᠦᠭᠰᠡᠨ ᠨᠣᠳᠤᠭ ᠪᠠᠶᠠᠠᠰᠢᠯᠢ ᠭᠠᠴᠠᠭᠠᠨ ᠳᠠᠭᠠᠨ ᠢᠷᠡᠵᠣ ᠣᠯᠠᠮᠵᠢᠯᠠᠯᠳᠣ ᠮᠠᠯᠵᠢᠯ ᠪᠤᠯᠤᠨ ᠣᠳᠣᠬᠢᠴᠢᠯᠠᠭᠰᠠᠨ | ᠮᠠᠯᠵᠢᠯ ᠤᠨ ᠦᠢᠯᠡᠰ ᠢ ᠤᠶᠠᠯᠳᠤᠭᠤᠯᠤᠨ ᠬᠦᠭᠵᠢᠬᠦᠯᠵᠣ ᠣᠶᠣᠳᠠᠨ ᠵᠠᠯᠠᠭᠤᠰ ᠤᠨ ᠲᠠᠭᠤᠷᠢᠶᠠᠯ ᠪᠣᠯᠵᠣ ᠪᠠᠶᠢᠨ᠎ᠠ᠃ | ᠨᠣᠳᠤᠭ ᠣᠰᠣᠨ ᠤ ᠣᠯᠠᠨ ᠲᠦᠮᠡᠨ ᠢᠶᠠᠨ ᠲᠠᠶᠢᠴᠢᠯᠠᠨ ᠰᠦᠯᠵᠢᠶ᠎ᠡ ᠬᠤᠯᠪᠤᠭ᠎ᠠ ᠶᠢ ᠠᠰᠢᠭᠯᠠᠨ ᠨᠣᠳᠤᠭ ᠤᠨ ᠣᠨᠴᠠ ᠭᠠᠷᠣᠯᠳᠠ ᠪᠠᠨ ᠪᠣᠷᠣᠯᠠᠭᠤᠯᠵᠣ | ᠶᠠᠪᠣᠭ᠎ᠠ ᠤᠯᠠᠭᠠᠡᠭᠦᠤ ᠮᠠᠯᠴᠢᠳ ᠤᠨ ᠮᠠᠯ ᠤᠨ ᠮᠢᠬ᠎ᠠ ᠪᠠᠨ ᠭᠠᠳᠠᠭᠰᠢ ᠪᠣᠷᠣᠯᠠᠭᠤᠯᠵᠣ ᠲᠡᠶᠢᠯᠬᠦ ᠦᠬᠡᠢ ᠠᠰᠠᠭᠤᠳᠠᠯ ᠳᠤ ᠬᠠᠨᠳᠣᠭᠤᠯᠣᠨ 2019 ᠣᠨ ᠠᠴᠠ | ᠡᠬᠢᠯᠡᠨ ᠤᠯᠠᠮᠵᠢᠯᠠᠯᠲᠤ ᠮᠠᠯᠵᠢᠯ ᠤᠨ ᠠᠷᠭ᠎ᠠ ᠭᠡᠯᠪᠡᠷᠢ ᠪᠠᠨ ᠬᠤᠪᠢᠷᠠᠭᠤᠯᠵᠤ ᠨᠤᠳᠤᠭ ᠤᠨ ᠦᠭᠡᠷ ᠤᠨ ᠢᠶᠠᠨ ᠡᠭᠦᠯᠳᠡᠷ ᠢ ᠰᠡᠶᠢᠵᠢᠷᠠᠭᠤᠯᠵᠤ ᠡᠬᠢᠯᠡᠭᠰᠡᠨ ᠤ | ᠬᠠᠮᠳᠤ᠂ ᠨᠣᠳᠤᠭ ᠤᠨ ᠲᠠᠪᠣᠨ ᠮᠠᠯᠴᠢᠳ ᠢᠶᠠᠨ ᠵᠣᠬᠢᠶᠠᠨ ᠪᠠᠶᠢᠭᠤᠯᠵᠣ ᠬᠤᠷᠰᠢᠶᠠᠵᠢᠯ ᠤᠨ ᠭᠡᠯᠪᠡᠷᠢ ᠪᠠᠷ ᠮᠠᠯᠵᠢᠯ ᠤᠨ ᠦᠢᠯᠡᠰ ᠢᠶᠠᠨ ᠡᠵᠡᠩᠨᠡᠵᠣ ᠡᠬᠢᠯᠡᠵᠡᠢ᠃ | ᠤᠯᠠᠭᠠᠠᠭᠦᠤ ᠣᠳᠣ ᠦᠬᠡᠷ ᠬᠤᠨᠢ ᠪᠠᠨ ᠲᠡᠵᠢᠭᠡᠨ ᠪᠤᠷᠳᠤᠬᠤ᠂ ᠤᠰᠤᠯᠠᠬᠤ ᠵᠡᠷᠭᠡ ᠲᠠᠯ᠎ᠠ ᠪᠠᠷ ᠦᠨᠳᠤᠰᠤᠨ ᠳᠤ ᠪᠠᠨ ᠤᠳᠤᠬᠢᠴᠢᠯᠠᠯᠳᠡ ᠶᠢ | ᠪᠡᠶᠡᠯᠡᠬᠦᠯᠦᠭᠰᠡᠨ ᠤ ᠬᠠᠮᠳᠣ ᠬᠤᠷᠰᠢᠶᠠᠵᠢᠯ ᠪᠠᠶᠢᠭᠤᠯᠣᠭᠳᠠᠭᠰᠠᠨ ᠲᠠᠪᠣᠨ ᠵᠢᠯ ᠳᠤ 5000 ᠭᠠᠷᠣᠢ ᠬᠤᠨᠢ᠂ 200 ᠭᠠᠷᠣᠢ ᠦᠬᠡᠷ ᠪᠣᠷᠣᠯᠠᠭᠤᠯᠵᠣ | ᠣᠯᠠᠮᠵᠢᠯᠠᠯᠳᠣ ᠮᠠᠯᠵᠢᠯ ᠤᠨ ᠦᠢᠯᠡᠰ ᠲᠡᠭᠡᠨ ᠣᠳᠣᠬᠢᠴᠢᠯᠠᠯᠳᠠ ᠶᠢ ᠰᠦᠪᠡᠭᠴᠢᠯᠡᠵᠣ ᠠᠮᠵᠢᠯᠳᠠ ᠣᠯᠣᠭᠰᠠᠨ ᠮᠦᠷᠳᠡᠬᠡᠨ ᠨᠣᠳᠤᠭ ᠲᠠᠭᠠᠨ ᠪᠣᠴᠠᠭᠰᠠᠨ | ᠣᠶᠣᠳᠠᠳ ᠲᠤ ᠲᠠᠭᠤᠷᠢᠶᠠᠯ ᠵᠣᠷᠢᠭᠵᠢᠭᠤᠯᠣᠯ ᠪᠣᠯᠣᠭᠰᠠᠨ ᠪᠠᠶᠢᠨ᠎ᠠ᠃ | | ᠰᠤᠷᠪᠤᠯᠵᠢᠯᠠᠭᠴᠢ᠄ ᠪᠤᠶᠠᠨᠳᠤ |