ᠵᠠᠬ᠎ᠠ ᠳᠡᠯᠭᠡᠭᠦᠷ ᠤᠨ ᠬᠥᠭᠵᠢᠯᠲᠡ ᠶᠢ ᠳᠠᠭᠠᠯᠳᠤᠨ ᠣᠶᠢᠷ᠎ᠠ ᠶᠢᠨ ᠵᠢᠯ ᠳᠤ ᠡᠯ᠎ᠡ ᠭᠠᠵᠠᠷ ᠣᠷᠣᠨ ᠤ ᠣᠨᠴᠠᠯᠢᠭᠲᠤ ᠪᠦᠲᠦᠭᠡᠭᠳᠡᠭᠦᠨ ᠨᠢ ᠥᠳᠲᠤᠷ | ᠲᠦᠷᠭᠡᠨ ᠵᠠᠬ᠎ᠠ ᠳᠡᠯᠭᠡᠭᠦᠷ ᠤᠨ ᠣᠷᠣᠨ ᠵᠠᠢ ᠠᠪᠬᠤ ᠪᠣᠯᠵᠤ᠂ ᠨᠢᠭᠡ ᠪᠦᠯᠦᠭ ᠬᠦᠮᠦᠰ ᠲᠤ ᠠᠵᠢᠯ ᠦᠢᠯᠡᠰ ᠡᠷᠬᠢᠯᠡᠬᠦ ᠠᠵᠤ ᠠᠬᠤᠢ ᠤᠨ ᠣᠷᠣᠯᠭ᠎ᠠ ᠡᠭᠦᠳᠬᠦ | ᠲᠣᠬᠢᠶᠠᠯ ᠢ ᠣᠯᠭᠤᠭᠰᠠᠨ ᠪᠠᠶᠢᠳᠠᠭ᠃ ᠡᠶᠢᠨᠬᠦ ᠮᠠᠨ ᠤ ᠣᠷᠣᠨ ᠤ ᠴᠠᠭᠠᠨ ᠢᠳᠡᠭᠡ ᠪᠠ ᠤᠯᠠᠭᠠᠨ ᠢᠳᠡᠭᠡᠨ ᠤ ᠦᠢᠯᠡᠰ ᠨᠢ ᠮᠠᠯᠴᠢᠨ ᠲᠦᠮᠡᠨ ᠤ ᠬᠠᠮᠤᠭ ᠠᠴᠠ | ᠢᠯᠡᠬᠦᠦ ᠰᠣᠩᠭᠤᠳᠠᠭ ᠠᠵᠢᠯ ᠦᠢᠯᠡᠰ ᠤᠨ ᠨᠢᠭᠡ ᠪᠣᠯᠵᠤ ᠪᠠᠶᠢᠳᠠᠭ᠃ ᠥᠨᠥᠳᠥᠷ ᠶᠢᠨ ᠨᠡᠪᠲᠡᠷᠡᠭᠦᠯᠭᠡ ᠪᠠᠷ ᠣᠷᠳᠣᠰ ᠬᠤᠲᠠ ᠶᠢᠨ 2022 ᠣᠨ ᠳᠤ ︽ | ᠠᠷᠪᠠᠨ ᠰᠢᠯᠢᠳᠡᠭ ᠮᠠᠯᠴᠢᠨ ᠲᠠᠷᠢᠶᠠᠴᠢᠨ ᠰᠢᠯᠢᠳᠡᠭ ᠠᠵᠤ ᠠᠬᠤᠶᠢᠯᠠᠯᠲᠠᠨ︾ ᠢᠶᠠᠷ ᠰᠣᠩᠭᠤᠭᠳᠠᠭᠰᠠᠨ ᠮᠠᠨ ᠤ ᠬᠤᠰᠢᠭᠤᠨ ᠤ ︽ᠡᠯᠪᠡᠭ︾ ᠢᠳᠡᠭᠡᠨ ᠤ | ᠺᠣᠮᠫᠠᠨᠢ ᠶᠢᠨ ᠵᠠᠬᠢᠷᠤᠯ ᠮᠥᠩᠬᠡᠳᠠᠯᠠᠢ ᠲᠠᠢ ᠲᠠᠨᠢᠯᠴᠠᠵᠤ ᠲᠡᠭᠦᠨ ᠤ ᠮᠠᠯᠴᠢᠨ ᠪᠠᠶᠢᠭᠰᠠᠨ ᠢᠶᠠᠨ ᠰᠢᠯᠢᠳᠡᠭ ᠠᠵᠤ ᠠᠬᠤᠶᠢᠯᠠᠯᠲᠠᠨ ᠪᠣᠯᠣᠭᠰᠠᠨ ᠦᠯᠢᠭᠡᠷ ᠢ | ᠬᠤᠪᠢᠶᠠᠯᠴᠠᠶ᠎ᠠ᠃ | ᠮᠥᠩᠬᠡᠳᠠᠯᠠᠢ ᠪᠣᠯ ᠮᠠᠨ ᠤ ᠬᠤᠰᠢᠭᠤᠨ ᠤ ︽ᠡᠯᠪᠡᠭ︾ ᠢᠳᠡᠭᠡᠨ ᠤ ᠺᠣᠮᠫᠠᠨᠢ ᠶᠢᠨ ᠵᠠᠬᠢᠷᠤᠯ ᠶᠤᠮ᠃ ᠣᠶᠢᠷ᠎ᠠ ᠶᠢᠨ ᠬᠤᠶᠠᠷ ᠵᠢᠯ ᠲᠡᠳᠡᠨ ᠤ | ᠬᠠᠲᠠᠭᠠᠭᠰᠠᠨ ᠮᠢᠬᠠᠨ ᠤ ᠦᠢᠯᠡᠰ ᠨᠢ ᠣᠶᠢᠷ᠎ᠠ ᠬᠠᠪᠢ ᠶᠢᠨ ᠬᠤᠰᠢᠭᠤ ᠰᠢᠶᠠᠨ ᠳᠤ ᠪᠠᠨ ᠨᠡᠷᠡᠲᠡᠢ ᠪᠣᠯᠣᠭᠰᠠᠨ ᠢᠶᠠᠷ ᠪᠠᠷᠬᠠᠤ ᠦᠭᠡᠢ ᠪᠥᠬᠦ ᠣᠷᠣᠨ ᠴᠢᠨᠠᠭᠰᠢᠯᠠᠨ | ᠭᠠᠳᠠᠨ᠎ᠠ ᠣᠷᠣᠨ ᠳᠤ ᠴᠤ ᠪᠣᠷᠣᠯᠠᠭᠤᠯᠭ᠎ᠠ ᠰᠠᠶᠢᠲᠠᠢ ᠪᠣᠯᠵᠠᠢ᠃ ᠡᠯᠪᠡᠭ ᠺᠣᠮᠫᠠᠨᠢ ᠶᠢᠨ ᠬᠠᠲᠠᠭᠠᠭᠰᠠᠨ ᠮᠢᠬᠠᠨ ᠤ ᠦᠢᠯᠡᠴᠢᠯᠡᠭᠡ ᠨᠢ ᠥᠪᠡᠷᠲᠡᠭᠡᠨ ᠲᠦᠬᠦᠭᠡᠢ | ᠮᠢᠬ᠎ᠠ ᠠᠪᠴᠤ ᠪᠣᠷᠣᠯᠠᠭᠤᠯᠬᠤ ᠠᠴᠠ ᠭᠠᠳᠠᠨ᠎ᠠ ᠪᠠᠰᠠ ᠮᠠᠯᠴᠢᠨ ᠲᠦᠮᠡᠨ ᠳᠤ ᠮᠢᠬ᠎ᠠ ᠬᠠᠲᠠᠭᠠᠬᠤ ᠦᠢᠯᠡᠴᠢᠯᠡᠭᠡ ᠬᠢᠳᠡᠭ ᠠᠴᠠ ᠺᠤᠮᠫᠠᠨᠢ ᠶᠢᠨ ᠠᠵᠢᠯ ᠶᠡᠭᠡ | ᠶᠠᠭᠠᠷᠠᠯᠲᠠᠢ ᠠᠵᠢᠯᠯᠠᠳᠠᠭ ᠪᠠᠶᠢᠨ᠎ᠠ ᠃ | ᠮᠥᠩᠬᠡᠳᠠᠯᠠᠢ᠄ ︽ᠮᠠᠨ ᠤ ᠠᠳᠡ ᠡᠳᠦᠷ ᠲᠤ ᠪᠠᠷᠤᠭ 1700 ᠭᠠᠷᠤᠢ ᠵᠢᠩ ᠨᠣᠶᠢᠲᠠᠨ ᠮᠢᠬ᠎ᠠ ᠬᠡᠷᠡᠭᠯᠡᠵᠤ᠂ ᠬᠠᠲᠠᠭᠠᠭᠠᠳ ᠭᠠᠷᠭᠠᠬᠤ ᠳᠤ 500 | ᠭᠠᠷᠤᠢ ᠵᠢᠩ ᠮᠢᠬ᠎ᠠ ᠪᠤᠯᠵᠤ ᠪᠠᠶᠢᠨ᠎ᠠ᠂ ᠪᠢᠳᠠ ᠮᠠᠯᠴᠢᠳ ᠢ ᠣᠷᠣᠯᠠᠵᠤ ᠮᠢᠬ᠎ᠠ ᠬᠠᠲᠠᠭᠠᠵᠤ ᠦᠭᠴᠦ ᠪᠠᠶᠢᠭ᠎ᠠ ᠪᠤᠯᠬᠤᠷ ᠮᠠᠨ ᠤ ᠬᠥᠮᠥᠷᠭᠡ ᠳᠤ ᠪᠠᠷᠠᠭ᠎ᠠ | ᠲᠠᠷᠤᠭᠳᠠᠬᠤ ᠤᠴᠢᠷ ᠦᠭᠡᠢ︾ ᠭᠡᠯᠡ᠃ | ︽ᠡᠯᠪᠡᠭ︾ ᠢᠳᠡᠭᠡᠨ ᠤ ᠺᠤᠮᠫᠠᠨᠢ ᠶᠢᠨ ᠪᠤᠷᠤᠯᠠᠭᠤᠯᠵᠤ ᠪᠠᠶᠢᠭ᠎ᠠ ᠪᠦᠲᠦᠭᠡᠭᠳᠡᠬᠦᠨ ᠨᠢ ᠪᠦᠷᠢᠨ ᠲᠦᠬᠦᠷ ᠬᠡᠯᠬᠢᠶᠡᠵᠢᠭᠰᠡᠨ ᠬᠠᠩᠭᠠᠯᠭ᠎ᠠ ᠶᠢᠨ ᠵᠠᠮ ᠲᠠᠢ᠃ | ᠪᠤᠷᠤᠯᠠᠭᠤᠯᠭ᠎ᠠ ᠶᠢᠨ ᠭᠤᠣᠯ ᠲᠦᠷᠦᠯ ᠪᠤᠯᠬᠤ ᠬᠠᠳᠠᠭᠰᠠᠨ ᠮᠢᠬ᠎ᠠ ᠶᠢ ᠴᠤ ᠲᠤᠰᠬᠠᠢ ᠬᠦᠮᠦᠨ ᠬᠠᠷᠢᠭᠤᠴᠠᠵᠤ ᠮᠠᠯᠴᠢᠳ ᠤᠨ ᠭᠠᠷ ᠠᠴᠠ ᠬᠤᠳᠠᠯᠳᠤᠨ | ᠠᠪᠳᠠᠭ ᠠᠴᠠ ᠮᠢᠬᠠᠨ ᠤ ᠴᠢᠨᠠᠷ ᠢ ᠪᠠᠲᠤᠯᠠᠳᠠᠭ᠃ | ᠮᠥᠩᠬᠡᠳᠠᠯᠠᠢ ᠶᠢᠨ ᠬᠠᠲᠠᠭᠠᠭᠰᠠᠨ ᠮᠢᠬᠠᠨ ᠤ ᠦᠢᠯᠡᠰ ᠨᠢ 2021 ᠣᠨ ᠠᠴᠠ ᠡᠬᠢᠯᠡᠭᠰᠡᠨ ᠪᠠᠶᠢᠨ᠎ᠠ᠃ ᠲᠡᠷᠡ ᠦᠢᠯᠡᠰ ᠢᠶᠠᠨ ᠡᠬᠢᠯᠡᠭᠦᠯᠬᠦ ᠠᠴᠠ ᠡᠮᠦᠨ᠎ᠡ | ᠡᠯ᠎ᠡ ᠭᠠᠵᠠᠷ ᠣᠷᠣᠨ ᠢᠶᠠᠷ ᠲᠣᠭᠤᠷᠢᠨ ᠦᠵᠡᠵᠦ ᠵᠠᠬ᠎ᠠ ᠳᠡᠯᠭᠡᠭᠦᠷ ᠤᠨ ᠰᠤᠳᠤᠯᠤᠯᠲᠠ ᠬᠢᠭᠰᠡᠨ ᠮᠥᠷᠲᠡᠭᠡᠨ ᠪᠦᠲᠦᠭᠡᠭᠳᠡᠬᠦᠨ ᠢᠶᠠᠨ ᠳᠠᠰᠤᠷᠠᠯᠲᠠ ᠦᠭᠡᠢ | ᠰᠢᠯᠢᠳᠡᠭᠵᠢᠬᠦᠯᠬᠦ ᠶᠢ ᠵᠣᠷᠢᠵᠤ ᠤᠯᠠᠨ ᠤᠳᠠᠭ᠎ᠠ ᠺᠣᠮᠫᠠᠨᠢ ᠶᠢᠨ ᠬᠥᠮᠥᠰ ᠢᠶᠠᠨ ᠲᠠᠭᠠᠭᠤᠯᠤᠨ ᠰᠣᠷᠣᠯᠴᠠᠭᠰᠠᠨ ᠪᠠᠶᠢᠨ᠎ᠠ᠃ | ᠮᠦᠩᠬᠡᠳᠠᠯᠠᠢ ᠶᠢᠨ ᠺᠤᠮᠫᠠᠨᠢ ᠶᠢᠨ ᠮᠢᠬᠠᠨ ᠤ ᠦᠢᠯᠡᠰ ᠨᠢ ᠮᠠᠰᠢ ᠰᠠᠶᠢᠨ ᠦᠷ᠎ᠡ ᠪᠦᠲᠦᠮᠵᠢ ᠲᠠᠢ᠂ ᠪᠤᠷᠤᠯᠠᠭᠤᠯᠭ᠎ᠠ ᠰᠠᠶᠢᠨ ᠪᠠᠶᠢᠭᠰᠠᠨ ᠴᠤ ᠲᠡᠭᠦᠨ ᠤ | ᠠᠵᠢᠯ ᠦᠢᠯᠡᠰ ᠤᠨ ᠬᠢᠨᠢ ᠰᠠᠭᠤᠷᠢ ᠨᠢ ᠬᠠᠷᠢᠨ ᠴᠠᠭᠠᠨ ᠢᠳᠡᠬᠡᠨ ᠤ ᠦᠢᠯᠡᠰ ᠪᠠᠶᠢᠭᠰᠠᠨ ᠶᠤᠮ᠃ ᠬᠦᠳᠡᠭᠡ ᠳᠡᠭᠡᠨ ᠮᠠᠯ ᠮᠠᠯᠵᠢᠵᠤ ᠪᠠᠶᠢᠭᠰᠠᠨ ᠮᠦᠩᠬᠡᠳᠠᠯᠠᠢ | ᠬᠤᠲᠠ ᠤᠷᠤᠵᠤ ᠠᠵᠢᠯ ᠦᠢᠯᠡᠰ ᠪᠤᠰᠬᠠᠬᠤ ᠬᠦᠰᠡᠯ ᠢᠶᠠᠷ 2012 ᠤᠨ ᠳᠤ ︽ᠡᠯᠪᠡᠭ︾ ᠺᠤᠮᠫᠠᠨᠢ ᠪᠠᠨ ᠪᠠᠶᠢᠭᠤᠯᠵᠤ᠂ ᠴᠠᠭᠠᠨ ᠢᠳᠡᠭᠡᠨ ᠤ ᠪᠣᠷᠤᠯᠠᠭᠤᠯᠭ᠎ᠠ | ᠪᠠᠷ ᠭᠤᠣᠯᠯᠠᠵᠤ ᠪᠠᠶᠢᠵᠠᠢ᠃ ᠲᠡᠷᠡ ᠠᠵᠤ ᠠᠬᠤᠢ ᠶᠢᠨ ᠤᠬᠠᠭᠠᠨ ᠢ ᠰᠤᠷᠴᠤ ᠡᠵᠡᠮᠰᠢᠨ ᠺᠤᠮᠫᠠᠨᠢ ᠶᠢᠨ ᠡᠵᠡᠩᠨᠡᠯᠳᠡ ᠳᠡᠭᠡᠨ ᠤᠯᠠᠨ ᠠᠷᠭ᠎ᠠ ᠵᠠᠮ | ᠰᠦᠪᠡᠭᠴᠢᠯᠡᠵᠦ ᠠᠵᠢᠯ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠵᠡᠢ᠃ | ᠰᠦ ᠴᠠᠭᠠᠨ ᠢᠳᠡᠭᠡ ᠶᠢᠨ ᠢᠶᠠᠨ ᠪᠠᠶᠢᠭᠠᠯᠢᠯᠢᠭ ᠦᠨᠦᠷ ᠠᠮᠳᠠ ᠶᠢ ᠬᠠᠳᠠᠭᠠᠯᠠᠬᠤ ᠬᠡᠵᠦ ᠮᠦᠩᠬᠡᠳᠠᠯᠠᠢ ᠴᠠᠭᠠᠨ ᠢᠳᠡᠬᠡᠨ ᠤ ᠦᠢᠯᠡᠰ ᠢᠶᠠᠨ | ᠨᠤᠳᠤᠭ ᠲᠤ ᠪᠠᠨ ᠪᠤᠰᠬᠠᠭᠰᠠᠨ ᠶᠤᠮ᠂ ᠲᠡᠷᠡ ᠤᠶᠢᠷ᠎ᠠ ᠬᠠᠪᠢ᠂ ᠠᠶᠢᠯ ᠰᠠᠭᠠᠬᠠᠯᠲᠠ ᠶᠢᠨ ᠢᠶᠠᠨ ᠢᠳᠡᠭᠡᠯ ᠨᠠᠶᠢᠳᠠᠪᠤᠷᠢ ᠲᠠᠢ ᠮᠠᠯᠴᠢᠨ ᠡᠷᠦᠭᠡ ᠲᠠᠢ ᠬᠤᠷᠰᠢᠵᠤ᠂ | ᠰᠦ ᠴᠠᠭᠠᠨ ᠢᠳᠡᠭᠡᠨ ᠤ ᠪᠠᠨ ᠤᠭ ᠮᠠᠲ᠋ᠧᠷᠢᠶᠠᠯ᠂ ᠰᠢᠮ᠎ᠡ ᠴᠢᠨᠠᠷ ᠢ ᠪᠠᠲᠤᠯᠠᠨ ᠬᠠᠮᠳᠤ ᠪᠠᠷ ᠴᠢᠨᠡᠭᠡᠯᠢᠭᠵᠢᠬᠦ ᠵᠤᠷᠢᠯᠲᠠ ᠲᠠᠢ ᠪᠠᠷ ᠭᠠᠴᠠᠭᠠᠨ ᠤ ᠪᠠᠨ ᠤᠯᠠᠨ | ᠲᠦᠮᠡᠨ ᠢ ᠲᠠᠶᠢᠴᠢᠯᠠᠨ ᠴᠠᠭᠠᠨ ᠢᠳᠡᠭᠡᠨ ᠤ ᠦᠢᠯᠡᠳᠪᠦᠷᠢᠯᠡᠯ ᠪᠤᠷᠤᠯᠠᠭᠤᠯᠭ᠎ᠠ ᠶᠢᠨ ᠲᠠᠯ᠎ᠠ ᠳᠤ ᠬᠦᠴᠦ ᠲᠠᠯᠪᠢᠭᠰᠠᠨ ᠶᠤᠮ᠃ | ᠦᠥᠰᠢᠨ ᠬᠤᠰᠢᠭᠤᠨ ᠤ ᠰᠦᠯᠳᠡ ᠰᠤᠮᠤ ᠶᠢᠨ ᠴᠠᠮᠬᠠᠭ ᠭᠠᠴᠠᠭᠠᠨ ᠤ ᠮᠠᠯᠴᠢᠨ ᠰᠤᠶᠤᠯᠲᠤ᠄ ︽ᠪᠢ ᠨᠢᠳᠦᠨᠦᠨ ︿ᠡᠯᠪᠡᠭ﹀ ᠺᠣᠮᠫᠠᠨᠢ ᠶᠢᠨ 40 | ᠭᠠᠷᠤᠢ ᠰᠠᠭᠠᠯᠢ ᠶᠢᠨ ᠦᠨᠢᠶ᠎ᠡ ᠠᠪᠴᠢᠷᠠᠵᠤ᠂ ᠠᠷᠠᠴᠢᠯᠠᠵᠤ ᠮᠠᠯᠵᠢᠬᠤ ᠶᠢ ᠪᠢ ᠬᠠᠷᠢᠭᠤᠴᠠᠵᠤ᠂ ᠰᠠᠭᠠᠯᠢ ᠶᠢᠨ ᠪᠤᠷᠤᠯᠠᠭᠤᠯᠭ᠎ᠠ ᠶᠢ ᠺᠣᠮᠫᠠᠨᠢ ᠠᠴᠠ ᠬᠠᠷᠢᠭᠤᠴᠠᠵᠤ᠂ | ᠵᠤᠭᠤᠰ ᠮᠥᠩᠬᠦ ᠶᠢ ᠴᠠᠭ ᠲᠠᠭᠠᠨ ᠪᠦᠷ ᠦᠭᠴᠦ ᠪᠠᠶᠢᠨ᠎ᠠ︾ ᠭᠡᠯᠡ᠃ | ᠮᠠᠨ ᠤ ᠤᠷᠤᠨ ᠤ ᠰᠦᠨ ᠤ ᠦᠢᠯᠡᠰ ᠤᠨ ᠬᠦᠭᠵᠢᠯᠲᠡ ᠶᠢ ᠲᠠᠭᠠᠯᠳᠤᠨ ᠤᠶᠢᠷ᠎ᠠ ᠶᠢᠨ ᠬᠡᠳᠦᠨ ᠵᠢᠯ ᠴᠠᠭᠠᠨ ᠢᠳᠡᠭᠡ ᠡᠷᠬᠢᠯᠡᠵᠦ ᠪᠠᠶᠢᠭ᠎ᠠ ᠺᠤᠮᠫᠠᠨᠢ | ᠤᠯᠠᠰᠢᠷᠠᠵᠤ ᠵᠠᠬ᠎ᠠ ᠲᠡᠯᠭᠡᠬᠦᠷ ᠤᠨ ᠦᠷᠢᠰᠦᠯᠳᠦᠬᠡᠨ ᠰᠢᠷᠦᠭᠦᠰᠦᠭᠰᠡᠨ ᠪᠤᠯᠪᠠᠴᠤ ᠮᠦᠩᠬᠡᠳᠠᠯᠠᠢ ᠶᠢᠨ ᠬᠤᠪᠢ ᠳᠤ ᠲᠡᠭᠦᠨ ᠤ ᠴᠠᠭᠠᠨ ᠢᠳᠡᠬᠡᠨ ᠤ ᠦᠢᠯᠡᠰ ᠨᠢ | ᠮᠢᠬᠠᠨ ᠤ ᠦᠢᠯᠡᠰ ᠢᠶᠠᠨ ᠲᠠᠭᠠᠵᠤ ᠪᠤᠷᠤᠯᠠᠭᠤᠯᠭ᠎ᠠ ᠰᠠᠶᠢᠲᠠᠢ ᠪᠠᠶᠢᠵᠤ ᠨᠢᠳᠤᠨᠤᠨ 30 ᠭᠠᠷᠤᠢ ᠲᠦᠮᠡᠨ ᠲᠦᠭᠦᠷᠢᠭ ᠤᠨ ᠤᠷᠤᠯᠭ᠎ᠠ ᠤᠯᠤᠭᠰᠠᠨ ᠶᠤᠮ᠃ | ᠮᠥᠩᠬᠡᠳᠠᠯᠠᠢ ᠮᠠᠯᠴᠢᠨ ᠪᠠᠶᠢᠭᠰᠠᠨ ᠠᠴᠠ ᠪᠠᠨ ᠰᠢᠯᠢᠳᠡᠭ ᠠᠵᠤ ᠠᠬᠤᠶᠢᠯᠠᠯᠳᠠᠨ ᠪᠤᠯᠬᠤ ᠳᠤ ᠲᠡᠭᠦᠨ ᠤ ᠬᠦᠴᠦ ᠬᠦᠳᠡᠯᠮᠦᠷᠢ ᠠᠵᠤ ᠠᠬᠤᠢ ᠶᠢᠨ | ᠭᠢᠷᠠᠬᠠᠢ ᠰᠡᠷᠡᠯ᠂ ᠬᠠᠮᠲᠤ ᠣᠯᠠᠨ ᠢᠶᠠᠨ ᠳᠠᠶᠢᠴᠢᠯᠠᠬᠤ ᠤᠬᠠᠭᠠᠨ ᠪᠣᠳᠣᠯ᠂ ᠦᠷᠭᠦᠯᠵᠢ ᠰᠢᠨ᠎ᠡ ᠶᠢ ᠰᠤᠷᠴᠦ ᠡᠷᠢᠯᠬᠢᠯᠡᠬᠦ ᠡᠭᠦᠳᠦᠨ ᠪᠦᠲᠦᠭᠡᠯᠲᠡ ᠠᠴᠠ ᠰᠠᠯᠤᠰᠢ | ᠦᠭᠡᠢ ᠶᠣᠮ᠃ ᠲᠡᠷᠡ ᠤᠳᠤ ᠪᠤᠯᠬᠤ ᠳᠤ ᠪᠠᠶᠢᠩᠭᠤ ᠶᠢᠨ ᠠᠷᠪᠠᠭᠠᠳ ᠠᠵᠢᠯᠲᠠᠨ ᠲᠠᠢ ᠪᠤᠯᠵᠤ ᠪᠠᠷᠢᠮᠵᠢᠶᠠᠵᠢᠭᠰᠠᠨ ᠬᠡᠪᠴᠢᠶᠡᠵᠢᠭᠰᠡᠨ ᠠᠵᠤ ᠠᠬᠤᠶᠢᠯᠠᠯᠲᠠᠨ | ᠪᠤᠯᠵᠤ ᠬᠥᠭᠵᠢᠭᠰᠡᠨ ᠶᠣᠮ᠃ | ᠰᠤᠷᠪᠤᠯᠵᠢᠯᠠᠭᠴᠢ᠄ ᠬᠠᠰᠪᠤᠶᠠᠨᠲᠤ |