ᠠᠵᠤ ᠠᠬᠤᠶᠢᠯᠠᠯᠲᠠᠨ ᠮᠥᠩᠬᠡᠳᠠᠯᠠᠢ ᠣᠷᠣᠨ ᠨᠤᠲᠤᠭ ᠤᠨ ᠪᠥᠲᠦᠭᠡᠭᠳᠡᠭᠦᠨ ᠢᠶᠠᠨ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/5/12
      ᠵᠠᠬ᠎ᠠ ᠳᠡᠯᠭᠡᠭᠦᠷ ᠤᠨ ᠬᠥᠭᠵᠢᠯᠲᠡ ᠶᠢ ᠳᠠᠭᠠᠯᠳᠤᠨ ᠣᠶᠢᠷ᠎ᠠ ᠶᠢᠨ ᠵᠢᠯ ᠳᠤ ᠡᠯ᠎ᠡ ᠭᠠᠵᠠᠷ ᠣᠷᠣᠨ ᠤ ᠣᠨᠴᠠᠯᠢᠭᠲᠤ  ᠪᠦᠲᠦᠭᠡᠭᠳᠡᠭᠦᠨ ᠨᠢ ᠥᠳᠲᠤᠷ ᠲᠦᠷᠭᠡᠨ ᠵᠠᠬ᠎ᠠ ᠳᠡᠯᠭᠡᠭᠦᠷ ᠤᠨ ᠣᠷᠣᠨ ᠵᠠᠢ ᠠᠪᠬᠤ ᠪᠣᠯᠵᠤ᠂ ᠨᠢᠭᠡ ᠪᠦᠯᠦᠭ ᠬᠦᠮᠦᠰ ᠲᠤ ᠠᠵᠢᠯ ᠦᠢᠯᠡᠰ ᠡᠷᠬᠢᠯᠡᠬᠦ ᠠᠵᠤ ᠠᠬᠤᠢ ᠤᠨ ᠣᠷᠣᠯᠭ᠎ᠠ ᠡᠭᠦᠳᠬᠦ ᠲᠣᠬᠢᠶᠠᠯ ᠢ ᠣᠯᠭᠤᠭᠰᠠᠨ ᠪᠠᠶᠢᠳᠠᠭ᠃ ᠡᠶᠢᠨᠬᠦ ᠮᠠᠨ ᠤ ᠣᠷᠣᠨ ᠤ ᠴᠠᠭᠠᠨ ᠢᠳᠡᠭᠡ ᠪᠠ ᠤᠯᠠᠭᠠᠨ ᠢᠳᠡᠭᠡᠨ ᠤ ᠦᠢᠯᠡᠰ ᠨᠢ ᠮᠠᠯᠴᠢᠨ ᠲᠦᠮᠡᠨ ᠤ ᠬᠠᠮᠤᠭ ᠠᠴᠠ ᠢᠯᠡᠬᠦᠦ ᠰᠣᠩᠭᠤᠳᠠᠭ ᠠᠵᠢᠯ ᠦᠢᠯᠡᠰ ᠤᠨ ᠨᠢᠭᠡ ᠪᠣᠯᠵᠤ ᠪᠠᠶᠢᠳᠠᠭ᠃ ᠮᠥᠩᠬᠡᠳᠠᠯᠠᠢ ᠪᠣᠯ ᠮᠠᠨ ᠤ ᠬᠤᠰᠢᠭᠤᠨ ᠤ  ︽ᠡᠯᠪᠡᠭ︾ ᠢᠳᠡᠭᠡᠨ ᠤ ᠺᠣᠮᠫᠠᠨᠢ ᠶᠢᠨ ᠵᠠᠬᠢᠷᠤᠯ ᠶᠤᠮ᠃ ᠣᠶᠢᠷ᠎ᠠ ᠶᠢᠨ ᠬᠤᠶᠠᠷ ᠵᠢᠯ ᠲᠡᠳᠡᠨ ᠤ ᠬᠠᠲᠠᠭᠠᠭᠰᠠᠨ ᠮᠢᠬᠠᠨ ᠤ ᠦᠢᠯᠡᠰ ᠨᠢ ᠣᠶᠢᠷ᠎ᠠ ᠬᠠᠪᠢ ᠶᠢᠨ ᠬᠤᠰᠢᠭᠤ ᠰᠢᠶᠠᠨ ᠳᠤ ᠪᠠᠨ ᠨᠡᠷᠡᠲᠡᠢ ᠪᠣᠯᠣᠭᠰᠠᠨ ᠢᠶᠠᠷ ᠪᠠᠷᠬᠠᠤ ᠦᠭᠡᠢ ᠪᠥᠬᠦ ᠣᠷᠣᠨ ᠴᠢᠨᠠᠭᠰᠢᠯᠠᠨ ᠭᠠᠳᠠᠨ᠎ᠠ ᠣᠷᠣᠨ ᠳᠤ ᠴᠤ ᠪᠣᠷᠣᠯᠠᠭᠤᠯᠭ᠎ᠠ ᠰᠠᠶᠢᠲᠠᠢ ᠪᠣᠯᠵᠠᠢ᠃ ᠡᠯᠪᠡᠭ ᠺᠣᠮᠫᠠᠨᠢ ᠶᠢᠨ ᠬᠠᠲᠠᠭᠠᠭᠰᠠᠨ ᠮᠢᠬᠠᠨ ᠤ ᠦᠢᠯᠡᠴᠢᠯᠡᠭᠡ ᠨᠢ ᠥᠪᠡᠷᠲᠡᠭᠡᠨ ᠲᠦᠬᠦᠭᠡᠢ ᠮᠢᠬ᠎ᠠ ᠠᠪᠴᠤ ᠪᠣᠷᠣᠯᠠᠭᠤᠯᠬᠤ ᠠᠴᠠ ᠭᠠᠳᠠᠨ᠎ᠠ ᠪᠠᠰᠠ ᠮᠠᠯᠴᠢᠨ ᠲᠦᠮᠡᠨ ᠳᠤ ᠮᠢᠬ᠎ᠠ ᠬᠠᠲᠠᠭᠠᠬᠤ ᠦᠢᠯᠡᠴᠢᠯᠡᠭᠡ ᠬᠢᠳᠡᠭ ᠠᠴᠠ ᠺᠤᠮᠫᠠᠨᠢ ᠶᠢᠨ ᠠᠵᠢᠯ ᠶᠡᠭᠡ ᠶᠠᠭᠠᠷᠠᠯᠲᠠᠢ ᠠᠵᠢᠯᠯᠠᠳᠠᠭ ᠪᠠᠶᠢᠨ᠎ᠠ᠃      ᠮᠥᠩᠬᠡᠳᠠᠯᠠᠢ᠄ ︽ᠮᠠᠨ ᠤ ᠠᠳᠡ ᠡᠳᠦᠷ ᠲᠤ ᠪᠠᠷᠤᠭ 1700 ᠭᠠᠷᠤᠢ ᠵᠢᠩ ᠨᠣᠶᠢᠲᠠᠨ ᠮᠢᠬ᠎ᠠ ᠬᠡᠷᠡᠭᠯᠡᠵᠤ᠂ ᠬᠠᠲᠠᠭᠠᠭᠠᠳ ᠭᠠᠷᠭᠠᠬᠤ ᠳᠤ 500 ᠭᠠᠷᠤᠢ ᠵᠢᠩ ᠮᠢᠬ᠎ᠠ ᠪᠤᠯᠵᠤ ᠪᠠᠶᠢᠨ᠎ᠠ᠂ ᠪᠢᠳᠠ ᠮᠠᠯᠴᠢᠳ ᠢ ᠣᠷᠣᠯᠠᠵᠤ ᠮᠢᠬ᠎ᠠ ᠬᠠᠲᠠᠭᠠᠵᠤ ᠦᠭᠴᠦ ᠪᠠᠶᠢᠭ᠎ᠠ ᠪᠤᠯᠬᠤᠷ ᠮᠠᠨ ᠤ ᠬᠥᠮᠥᠷᠭᠡ ᠳᠤ ᠪᠠᠷᠠᠭ᠎ᠠ ᠲᠠᠷᠤᠭᠳᠠᠬᠤ ᠤᠴᠢᠷ ᠦᠭᠡᠢ︾ ᠭᠡᠯ᠎ᠡ᠃       ︽ᠡᠯᠪᠡᠭ︾ ᠢᠳᠡᠭᠡᠨ ᠤ ᠺᠤᠮᠫᠠᠨᠢ ᠶᠢᠨ ᠪᠤᠷᠤᠯᠠᠭᠤᠯᠵᠤ ᠪᠠᠶᠢᠭ᠎ᠠ ᠪᠦᠲᠦᠭᠡᠭᠳᠡᠬᠦᠨ ᠨᠢ ᠪᠦᠷᠢᠨ ᠲᠦᠬᠦᠷ ᠬᠡᠯᠬᠢᠶᠡᠵᠢᠭᠰᠡᠨ ᠬᠠᠩᠭᠠᠯᠭ᠎ᠠ ᠶᠢᠨ ᠵᠠᠮ ᠲᠠᠢ᠃ ᠪᠤᠷᠤᠯᠠᠭᠤᠯᠭ᠎ᠠ ᠶᠢᠨ ᠭᠤᠣᠯ ᠲᠦᠷᠦᠯ ᠪᠤᠯᠬᠤ ᠬᠠᠳᠠᠭᠰᠠᠨ ᠮᠢᠬ᠎ᠠ ᠶᠢ ᠴᠤ ᠲᠤᠰᠬᠠᠢ ᠬᠦᠮᠦᠨ  ᠬᠠᠷᠢᠭᠤᠴᠠᠵᠤ ᠮᠠᠯᠴᠢᠳ ᠤᠨ ᠭᠠᠷ ᠠᠴᠠ ᠬᠤᠳᠠᠯᠳᠤᠨ ᠠᠪᠳᠠᠭ ᠠᠴᠠ ᠮᠢᠬᠠᠨ ᠤ ᠴᠢᠨᠠᠷ ᠢ ᠪᠠᠲᠤᠯᠠᠳᠠᠭ᠃      ᠮᠥᠩᠬᠡᠳᠠᠯᠠᠢ ᠶᠢᠨ ᠬᠠᠲᠠᠭᠠᠭᠰᠠᠨ ᠮᠢᠬᠠᠨ ᠤ ᠦᠢᠯᠡᠰ ᠨᠢ 2021 ᠣᠨ ᠠᠴᠠ ᠡᠬᠢᠯᠡᠭᠰᠡᠨ ᠪᠠᠶᠢᠨ᠎ᠠ᠃ ᠲᠡᠷᠡ ᠦᠢᠯᠡᠰ ᠢᠶᠠᠨ ᠡᠬᠢᠯᠡᠭᠦᠯᠬᠦ ᠠᠴᠠ ᠡᠮᠦᠨ᠎ᠡ ᠡᠯ᠎ᠡ ᠭᠠᠵᠠᠷ ᠣᠷᠣᠨ ᠢᠶᠠᠷ ᠲᠣᠭᠤᠷᠢᠨ ᠦᠵᠡᠵᠦ ᠵᠠᠬ᠎ᠠ ᠳᠡᠯᠭᠡᠭᠦᠷ ᠤᠨ ᠰᠤᠳᠤᠯᠤᠯᠲᠠ ᠬᠢᠭᠰᠡᠨ ᠮᠥᠷᠲᠡᠭᠡᠨ ᠪᠦᠲᠦᠭᠡᠭᠳᠡᠬᠦᠨ ᠢᠶᠠᠨ ᠳᠠᠰᠤᠷᠠᠯᠲᠠ ᠦᠭᠡᠢ ᠰᠢᠯᠢᠳᠡᠭᠵᠢᠬᠦᠯᠬᠦ ᠶᠢ ᠵᠣᠷᠢᠵᠤ ᠤᠯᠠᠨ ᠤᠳᠠᠭ᠎ᠠ ᠺᠣᠮᠫᠠᠨᠢ ᠶᠢᠨ ᠬᠥᠮᠥᠰ ᠢᠶᠠᠨ ᠲᠠᠭᠠᠭᠤᠯᠤᠨ ᠰᠣᠷᠣᠯᠴᠠᠭᠰᠠᠨ ᠪᠠᠶᠢᠨ᠎ᠠ᠃      ᠮᠦᠩᠬᠡᠳᠠᠯᠠᠢ ᠶᠢᠨ ᠺᠤᠮᠫᠠᠨᠢ ᠶᠢᠨ ᠮᠢᠬᠠᠨ ᠤ ᠦᠢᠯᠡᠰ ᠨᠢ ᠮᠠᠰᠢ ᠰᠠᠶᠢᠨ ᠦᠷ᠎ᠡ ᠪᠦᠲᠦᠮᠵᠢ ᠲᠠᠢ᠂ ᠪᠤᠷᠤᠯᠠᠭᠤᠯᠭ᠎ᠠ ᠰᠠᠶᠢᠨ ᠪᠠᠶᠢᠭᠰᠠᠨ ᠴᠤ ᠲᠡᠭᠦᠨ ᠤ ᠠᠵᠢᠯ ᠦᠢᠯᠡᠰ ᠤᠨ ᠬᠢᠨᠢ ᠰᠠᠭᠤᠷᠢ ᠨᠢ ᠬᠠᠷᠢᠨ ᠴᠠᠭᠠᠨ ᠢᠳᠡᠬᠡᠨ ᠤ ᠦᠢᠯᠡᠰ ᠪᠠᠶᠢᠭᠰᠠᠨ ᠶᠤᠮ᠃ ᠬᠦᠳᠡᠭᠡ ᠳᠡᠭᠡᠨ ᠮᠠᠯ ᠮᠠᠯᠵᠢᠵᠤ ᠪᠠᠶᠢᠭᠰᠠᠨ ᠮᠦᠩᠬᠡᠳᠠᠯᠠᠢ ᠬᠤᠲᠠ ᠤᠷᠤᠵᠤ ᠠᠵᠢᠯ ᠦᠢᠯᠡᠰ ᠪᠤᠰᠬᠠᠬᠤ ᠬᠦᠰᠡᠯ ᠢᠶᠠᠷ 2012 ᠤᠨ ᠳᠤ ︽ᠡᠯᠪᠡᠭ︾ ᠺᠤᠮᠫᠠᠨᠢ ᠪᠠᠨ ᠪᠠᠶᠢᠭᠤᠯᠵᠤ᠂ ᠴᠠᠭᠠᠨ ᠢᠳᠡᠭᠡᠨ ᠤ ᠪᠣᠷᠤᠯᠠᠭᠤᠯᠭ᠎ᠠ  ᠪᠠᠷ ᠭᠤᠣᠯᠯᠠᠵᠤ ᠪᠠᠶᠢᠵᠠᠢ᠃ ᠲᠡᠷᠡ ᠠᠵᠤ ᠠᠬᠤᠢ ᠶᠢᠨ ᠤᠬᠠᠭᠠᠨ ᠢ ᠰᠤᠷᠴᠤ ᠡᠵᠡᠮᠰᠢᠨ ᠺᠤᠮᠫᠠᠨᠢ ᠶᠢᠨ ᠡᠵᠡᠩᠨᠡᠯᠳᠡ ᠳᠡᠭᠡᠨ ᠤᠯᠠᠨ ᠠᠷᠭ᠎ᠠ ᠵᠠᠮ ᠰᠦᠪᠡᠭᠴᠢᠯᠡᠵᠦ ᠠᠵᠢᠯ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠵᠡᠢ᠃      ᠰᠦ ᠴᠠᠭᠠᠨ ᠢᠳᠡᠭᠡ ᠶᠢᠨ ᠢᠶᠠᠨ ᠪᠠᠶᠢᠭᠠᠯᠢᠯᠢᠭ ᠦᠨᠦᠷ ᠠᠮᠳᠠ ᠶᠢ ᠬᠠᠳᠠᠭᠠᠯᠠᠬᠤ ᠬᠡᠵᠦ ᠮᠦᠩᠬᠡᠳᠠᠯᠠᠢ ᠴᠠᠭᠠᠨ ᠢᠳᠡᠬᠡᠨ ᠤ ᠦᠢᠯᠡᠰ ᠢᠶᠠᠨ ᠨᠤᠳᠤᠭ ᠲᠤ ᠪᠠᠨ ᠪᠤᠰᠬᠠᠭᠰᠠᠨ ᠶᠤᠮ᠂ ᠲᠡᠷᠡ ᠤᠶᠢᠷ᠎ᠠ ᠬᠠᠪᠢ᠂ ᠠᠶᠢᠯ ᠰᠠᠭᠠᠬᠠᠯᠲᠠ ᠶᠢᠨ ᠢᠶᠠᠨ ᠢᠳᠡᠭᠡᠯ ᠨᠠᠶᠢᠳᠠᠪᠤᠷᠢ ᠲᠠᠢ ᠮᠠᠯᠴᠢᠨ ᠡᠷᠦᠭᠡ ᠲᠠᠢ ᠬᠤᠷᠰᠢᠵᠤ᠂ ᠰᠦ ᠴᠠᠭᠠᠨ ᠢᠳᠡᠭᠡᠨ ᠤ ᠪᠠᠨ ᠤᠭ ᠮᠠᠲ᠋ᠧᠷᠢᠶᠠᠯ᠂ ᠰᠢᠮ᠎ᠡ ᠴᠢᠨᠠᠷ ᠢ ᠪᠠᠲᠤᠯᠠᠨ ᠬᠠᠮᠳᠤ ᠪᠠᠷ ᠴᠢᠨᠡᠭᠡᠯᠢᠭᠵᠢᠬᠦ ᠵᠤᠷᠢᠯᠲᠠ ᠲᠠᠢ ᠪᠠᠷ ᠭᠠᠴᠠᠭᠠᠨ ᠤ ᠪᠠᠨ ᠤᠯᠠᠨ ᠲᠦᠮᠡᠨ ᠢ ᠲᠠᠶᠢᠴᠢᠯᠠᠨ ᠴᠠᠭᠠᠨ ᠢᠳᠡᠭᠡᠨ ᠤ ᠦᠢᠯᠡᠳᠪᠦᠷᠢᠯᠡᠯ ᠪᠤᠷᠤᠯᠠᠭᠤᠯᠭ᠎ᠠ ᠶᠢᠨ ᠲᠠᠯ᠎ᠠ ᠳᠤ ᠬᠦᠴᠦ ᠲᠠᠯᠪᠢᠭᠰᠠᠨ ᠶᠤᠮ᠃      ᠦᠥᠰᠢᠨ ᠬᠤᠰᠢᠭᠤᠨ ᠤ ᠰᠦᠯᠳᠡ ᠰᠤᠮᠤ ᠶᠢᠨ ᠴᠠᠮᠬᠠᠭ ᠭᠠᠴᠠᠭᠠᠨ ᠤ ᠮᠠᠯᠴᠢᠨ ᠰᠤᠶᠤᠯᠲᠤ᠄ ︽ᠪᠢ ᠨᠢᠳᠦᠨᠦᠨ ︿ᠡᠯᠪᠡᠭ﹀ ᠺᠣᠮᠫᠠᠨᠢ ᠶᠢᠨ 40 ᠭᠠᠷᠤᠢ ᠰᠠᠭᠠᠯᠢ ᠶᠢᠨ ᠦᠨᠢᠶ᠎ᠡ ᠠᠪᠴᠢᠷᠠᠵᠤ᠂ ᠠᠷᠠᠴᠢᠯᠠᠵᠤ ᠮᠠᠯᠵᠢᠬᠤ ᠶᠢ ᠪᠢ ᠬᠠᠷᠢᠭᠤᠴᠠᠵᠤ᠂ ᠰᠠᠭᠠᠯᠢ ᠶᠢᠨ ᠪᠤᠷᠤᠯᠠᠭᠤᠯᠭ᠎ᠠ ᠶᠢ ᠺᠣᠮᠫᠠᠨᠢ ᠠᠴᠠ ᠬᠠᠷᠢᠭᠤᠴᠠᠵᠤ᠂ ᠵᠤᠭᠤᠰ ᠮᠥᠩᠬᠦ ᠶᠢ ᠴᠠᠭ ᠲᠠᠭᠠᠨ ᠪᠦᠷ ᠦᠭᠴᠦ ᠪᠠᠶᠢᠨ᠎ᠠ︾ ᠭᠡᠯ᠎ᠡ᠃       ᠮᠠᠨ ᠤ ᠤᠷᠤᠨ ᠤ ᠰᠦᠨ ᠤ ᠦᠢᠯᠡᠰ ᠤᠨ ᠬᠦᠭᠵᠢᠯᠲᠡ ᠶᠢ ᠲᠠᠭᠠᠯᠳᠤᠨ ᠤᠶᠢᠷ᠎ᠠ ᠶᠢᠨ ᠬᠡᠳᠦᠨ ᠵᠢᠯ ᠴᠠᠭᠠᠨ ᠢᠳᠡᠭᠡ ᠡᠷᠬᠢᠯᠡᠵᠦ ᠪᠠᠶᠢᠭ᠎ᠠ ᠺᠤᠮᠫᠠᠨᠢ ᠤᠯᠠᠰᠢᠷᠠᠵᠤ ᠵᠠᠬ᠎ᠠ ᠲᠡᠯᠭᠡᠬᠦᠷ ᠤᠨ ᠦᠷᠢᠰᠦᠯᠳᠦᠬᠡᠨ ᠰᠢᠷᠦᠭᠦᠰᠦᠭᠰᠡᠨ ᠪᠤᠯᠪᠠᠴᠤ ᠮᠦᠩᠬᠡᠳᠠᠯᠠᠢ ᠶᠢᠨ ᠬᠤᠪᠢ ᠳᠤ ᠲᠡᠭᠦᠨ ᠤ ᠴᠠᠭᠠᠨ ᠢᠳᠡᠬᠡᠨ ᠤ ᠦᠢᠯᠡᠰ ᠨᠢ ᠮᠢᠬᠠᠨ ᠤ ᠦᠢᠯᠡᠰ ᠢᠶᠠᠨ ᠲᠠᠭᠠᠵᠤ ᠪᠤᠷᠤᠯᠠᠭᠤᠯᠭ᠎ᠠ ᠰᠠᠶᠢᠲᠠᠢ ᠪᠠᠶᠢᠵᠤ ᠨᠢᠳᠤᠨᠤᠨ 30 ᠭᠠᠷᠤᠢ ᠲᠦᠮᠡᠨ ᠲᠦᠭᠦᠷᠢᠭ ᠤᠨ ᠤᠷᠤᠯᠭ᠎ᠠ ᠤᠯᠤᠭᠰᠠᠨ ᠶᠤᠮ᠃        ᠮᠥᠩᠬᠡᠳᠠᠯᠠᠢ ᠮᠠᠯᠴᠢᠨ ᠪᠠᠶᠢᠭᠰᠠᠨ ᠠᠴᠠ ᠪᠠᠨ ᠰᠢᠯᠢᠳᠡᠭ ᠠᠵᠤ ᠠᠬᠤᠶᠢᠯᠠᠯᠳᠠᠨ ᠪᠤᠯᠬᠤ ᠳᠤ ᠲᠡᠭᠦᠨ ᠤ ᠬᠦᠴᠦ ᠬᠦᠳᠡᠯᠮᠦᠷᠢ ᠠᠵᠤ ᠠᠬᠤᠢ ᠶᠢᠨ ᠭᠢᠷᠠᠬᠠᠢ ᠰᠡᠷᠡᠯ᠂ ᠬᠠᠮᠲᠤ ᠣᠯᠠᠨ ᠢᠶᠠᠨ ᠳᠠᠶᠢᠴᠢᠯᠠᠬᠤ ᠤᠬᠠᠭᠠᠨ ᠪᠣᠳᠣᠯ᠂ ᠦᠷᠭᠦᠯᠵᠢ ᠰᠢᠨ᠎ᠡ ᠶᠢ ᠰᠤᠷᠴᠦ ᠡᠷᠢᠯᠬᠢᠯᠡᠬᠦ ᠡᠭᠦᠳᠦᠨ ᠪᠦᠲᠦᠭᠡᠯᠲᠡ ᠠᠴᠠ ᠰᠠᠯᠤᠰᠢ ᠦᠭᠡᠢ ᠶᠣᠮ᠃ ᠲᠡᠷᠡ ᠤᠳᠤ ᠪᠤᠯᠬᠤ ᠳᠤ ᠪᠠᠶᠢᠩᠭᠤ ᠶᠢᠨ ᠠᠷᠪᠠᠭᠠᠳ ᠠᠵᠢᠯᠲᠠᠨ ᠲᠠᠢ ᠪᠤᠯᠵᠤ ᠪᠠᠷᠢᠮᠵᠢᠶᠠᠵᠢᠭᠰᠠᠨ ᠬᠡᠪᠴᠢᠶᠡᠵᠢᠭᠰᠡᠨ ᠠᠵᠤ ᠠᠬᠤᠶᠢᠯᠠᠯᠲᠠᠨ ᠪᠤᠯᠵᠤ ᠬᠥᠭᠵᠢᠭᠰᠡᠨ ᠶᠣᠮ᠃                                  ᠰᠤᠷᠪᠤᠯᠵᠢᠯᠠᠭᠴᠢ᠄ ᠬᠠᠰᠪᠤᠶᠠᠨᠲᠤ  
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ