ᠦᠦᠰᠢᠨ ᠵᠠᠰᠠᠭ ᠠᠯᠪᠠᠨ ᠲᠠᠷᠬᠠᠭᠠᠬᠤ〔2023〕16 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠦᠦᠰᠢᠨ ᠬᠤᠰᠢᠭᠤᠨ ᠤ SPPA ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ ᠬᠤᠰᠢᠭᠤ ᠠᠷᠠᠳ ᠤᠨ ᠵᠠᠰᠠᠭ ᠤᠨ ᠣᠷᠳᠣᠨ ᠤ | 2023 ᠣᠨ ᠤ 4 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠳᠠᠮᠵᠢᠨ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ | ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠵᠤ ᠬᠢᠨᠠᠮᠠᠭᠠᠢ ᠰᠠᠶᠢᠲᠤᠷ ᠠᠳᠬᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 4 ᠰᠠᠷ᠎ᠠ ᠶᠢᠨ 4 ᠤ ᠡᠳᠦᠷ | | | | ᠦᠦᠰᠢᠨ ᠬᠤᠰᠢᠭᠤᠨ ᠤ SPPA ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ | | | SPPA ᠲᠥᠷᠥᠯ ᠵᠦᠢᠯ ᠢ ᠮᠠᠨ ᠤ ᠬᠤᠰᠢᠭᠤᠨ ᠳᠤ ᠤᠯᠠᠮ ᠨᠢᠭᠡ ᠠᠯᠬᠤᠮ ᠭᠦᠨᠵᠡᠭᠡᠢ ᠬᠥᠭᠵᠢᠭᠦᠯᠵᠤ ᠬᠥᠳᠡᠭᠡ ᠲᠣᠰᠬᠤᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠡᠭᠡ ᠠᠬᠤᠢ ᠪᠠᠶᠢᠳᠠᠯ ᠣᠷᠴᠢᠨ ᠲᠣᠭᠤᠷᠢᠨ ᠳᠤ ᠠᠭᠤᠰᠤᠯᠴᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ | ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ ᠲᠥᠷᠥᠯ | ᠵᠦᠢᠯ ᠤᠨ ᠡᠮᠡᠭᠲᠡᠶᠢᠴᠦᠳ ᠤᠨ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ᠂ SPPA ᠲᠥᠷᠥᠯ ᠵᠦᠢᠯ ᠤᠨ ︽ | ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠭᠠᠷ ᠳᠡᠪᠲᠡᠷ︾ ᠪᠠ ︽2003 ᠣᠨ ᠠᠴᠠ ᠰᠡᠭᠦᠯᠡᠷᠬᠢ ᠶᠠᠳᠠᠭᠤ ᠬᠦᠴᠢᠷᠳᠡᠯᠲᠡᠢ ᠭᠠᠵᠠᠷ | ᠣᠷᠣᠨ ᠤ ᠨᠡᠶᠢᠭᠡᠮ ᠤᠨ ᠬᠥᠭᠵᠢᠯᠲᠡ ᠶᠢᠨ ᠲᠥᠷᠥᠯ ᠵᠦᠢᠯ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠣᠶᠢᠯᠠᠭᠠᠯᠴᠠᠭ᠎ᠠ ᠶᠢᠨ ᠰᠠᠨᠠᠭᠤᠯᠤᠮᠵᠢ︾ ᠶᠢ | ᠦᠨᠳᠦᠰᠦᠯᠡᠨ ᠲᠣᠰ ᠠᠷᠭ᠎ᠠ ᠶᠢ ᠣᠨᠴᠠᠭᠠᠶᠢᠯᠠᠨ ᠲᠣᠭᠲᠠᠭᠠᠪᠠ᠃ | ᠨᠢᠭᠡ᠂ SPPA ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ | 2021 ᠣᠨ ᠳᠤ᠂ ︽ᠦᠦᠰᠢᠨ ᠬᠤᠰᠢᠭᠤᠨ ᠤ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ | ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠦᠰᠢᠨ ᠬᠤᠰᠢᠭᠤᠨ ᠤ SPPA ᠲᠥᠷᠥᠯ ᠵᠦᠢᠯ ᠤᠨ ᠠᠯᠪᠠᠨ ᠭᠡᠷ ᠤᠨ ᠬᠠᠮᠢᠶ᠎ᠠ | ᠪᠦᠬᠦᠢ ᠡᠭᠦᠷᠭᠡ ᠴᠢᠳᠠᠪᠤᠷᠢ ᠪᠠ ᠠᠵᠢᠯᠲᠠᠨ ᠤ ᠣᠷᠣᠨ ᠲᠤᠭ᠎ᠠ ᠶᠢ ᠡᠮᠬᠢᠯᠡᠨ ᠨᠡᠶᠢᠯᠡᠭᠦᠯᠵᠦ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠠᠰᠤᠭ | ᠤᠨ ᠲᠠᠰ ᠤᠨ ᠨᠢᠭᠡᠳᠦᠭᠡᠷ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠤᠨ ᠨᠢᠭᠡᠴᠢ ᠪᠤᠯᠬᠤ ᠦᠦᠰᠢᠨ ᠬᠤᠰᠢᠭᠤᠨ ᠤ ᠡᠮᠡᠭᠲᠡᠶᠢᠴᠦᠳ | ᠬᠡᠦᠬᠡᠳ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ SPPA ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ ᠬᠠᠮᠢᠶᠠᠷᠴᠤ᠂ SPPA | ᠲᠥᠷᠥᠯ ᠵᠦᠢᠯ ᠤᠨ ᠠᠵᠢᠯ ᠶᠠᠪᠤᠳᠠᠯ᠂ ᠡᠳ᠋ ᠤᠨ ᠶᠠᠪᠤᠳᠠᠯ᠂ ᠲᠥᠷᠥᠯ ᠵᠦᠢᠯ ᠤᠨ ᠡᠮᠡᠭᠲᠡᠶᠢᠴᠦᠳ ᠤᠨ ᠪᠣᠯᠪᠠᠰᠤᠷᠠᠯ ᠪᠠ ᠡᠳᠦᠷ ᠲᠤᠲᠤᠮ ᠤᠨ ᠠᠵᠢᠯ ᠢ | ᠪᠣᠳᠠᠲᠠᠢ ᠬᠠᠷᠢᠭᠤᠴᠠᠨ ᠰᠢᠢᠳᠪᠦᠷᠢᠯᠡᠵᠦ᠂ ᠡᠯ᠎ᠡ ᠰᠤᠮᠤ ᠪᠠᠯᠭᠠᠰᠤᠨ ᠤ SPPA ᠲᠥᠷᠥᠯ ᠵᠦᠢᠯ ᠤᠨ ᠬᠡᠷᠡᠭᠵᠢᠭᠦᠯᠦᠯᠲᠡ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢ ᠵᠢᠯᠣᠭᠤᠳᠤᠨ ᠱᠠᠭᠠᠷᠳᠠᠬᠤ ᠪᠠ ᠪᠠᠶᠢᠴᠠᠭᠠᠨ᠎ᠠ᠃ | ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ | ⒈ᠬᠤᠰᠢᠭᠤᠨ ᠤ ᠳᠡᠰ | ᠲᠦᠷᠦᠯ ᠵᠦᠢᠯ ᠤᠨ ᠬᠡᠷᠡᠭᠵᠢᠭᠦᠯᠦᠯᠲᠡ ᠳᠤ ᠵᠣᠬᠢᠰᠲᠠᠢ ᠠᠵᠢᠯᠯᠠᠬᠤ ᠲᠠᠯᠠᠪᠤᠷ ᠭᠠᠵᠠᠷ ᠪᠠ ᠡᠳ᠋ ᠤᠨ ᠵᠠᠰᠠᠭ ᠤᠨ ᠲᠥᠰᠥᠪ ᠤᠨ ᠪᠡᠯᠡ ᠮᠥᠩᠭᠦ ᠶᠢ | ᠬᠠᠩᠭᠠᠨ᠎ᠠ᠂ ᠡᠭᠦᠨ ᠳᠤ ᠲᠦᠷᠦᠯ ᠵᠦᠢᠯ ᠤᠨ ᠠᠵᠢᠯᠲᠠᠨ ᠤ ᠪᠣᠯᠪᠠᠰᠤᠷᠠᠯ ᠵᠢᠴᠢ ᠡᠳᠦᠷ ᠲᠤᠲᠤᠮ ᠤᠨ ᠠᠯᠪᠠᠨ ᠠᠵᠢᠯ ᠵᠡᠷᠭᠡ ᠳᠤ ᠬᠡᠷᠡᠭᠰᠡᠬᠦ ᠵᠠᠷᠤᠳᠠᠯ ᠪᠠᠭᠲᠠᠨ᠎ᠠ | ︔ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠠᠮᠢᠶᠠᠷᠴᠤ᠂ ᠪᠡᠯᠡ ᠮᠥᠩᠭᠦ ᠶᠢ ᠲᠣᠭᠲᠠᠭᠠᠭᠰᠠᠨ ᠲᠦᠷᠦ ᠶᠢᠨ ᠪᠣᠳᠣᠯᠭ᠎ᠠ᠂ | ᠵᠢᠷᠤᠮ ᠤᠨ ᠶᠣᠰᠣᠭᠠᠷ ᠠᠵᠢᠯᠯᠠᠭᠤᠯᠬᠤ ᠶᠢ ᠪᠠᠲᠤᠯᠠᠵᠤ᠂ ᠪᠡᠯᠡ ᠮᠥᠩᠭᠦ ᠶᠢᠨ ᠪᠦᠷᠢᠨ ᠪᠦᠲᠦᠨ ᠪᠠ ᠦᠷᠳᠡᠭ ᠤᠨ ᠨᠡᠮᠡᠭᠳᠡᠯ ᠢ ᠦᠨᠡᠨ ᠬᠦ ᠪᠠᠲᠤᠯᠠᠨ᠎ᠠ︔ | ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ᠂ ᠬᠢᠨᠠᠨ ᠪᠠᠶᠢᠴᠠᠭᠠᠵᠤ ᠬᠢᠨᠠᠨ ᠰᠢᠯᠭᠠᠬᠤ ᠠᠷᠭ᠎ᠠ | ᠵᠡᠷᠭᠡ ᠡᠯ᠎ᠡ ᠵᠦᠢᠯ ᠤᠨ ᠳᠦᠷᠢᠮ ᠲᠣᠭᠲᠠᠭᠠᠯ ᠢ ᠪᠠᠶᠢᠭᠤᠯᠤᠨ ᠲᠡᠭᠦᠯᠳᠡᠷᠵᠢᠭᠦᠯᠦᠨ᠎ᠡ︔ ᠨᠡᠮᠡᠭᠳᠡᠭᠦᠯᠬᠦ ᠪᠠ ᠦᠷᠭᠦᠯᠵᠢᠯᠡᠬᠦ ᠴᠢᠨᠠᠷ ᠤᠨ ᠵᠠᠷᠴᠢᠮ ᠢᠶᠠᠷ ᠪᠠᠭ᠎ᠠ | ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠤᠨ ᠣᠨ ᠤ ᠲᠥᠯᠥᠪᠯᠡᠭᠡ ᠶᠢ ᠲᠣᠭᠲᠠᠭᠠᠵᠤ ᠬᠡᠷᠡᠭᠵᠢᠭᠦᠯᠦᠨ᠎ᠡ︔ | ᠲᠥᠷᠥᠯ ᠵᠦᠢᠯ ᠲᠠᠢ ᠬᠤᠯᠪᠣᠭᠳᠠᠬᠤ ᠪᠣᠶ ᠪᠦᠬᠦᠢ ᠠᠵᠢᠯᠯᠠᠭ᠎ᠠ ᠳᠤ ᠴᠢᠭᠯᠡᠭᠦᠯᠦᠨ ᠦᠢᠯᠡᠴᠢᠯᠡᠭᠡᠨ ᠤ ᠲᠦᠪ ᠤᠨ ᠠᠵᠢᠯᠲᠠᠨ ᠪᠠ ᠲᠥᠷᠥᠯ ᠵᠦᠢᠯ ᠤᠨ | ᠲᠤᠬᠠᠶᠢᠯᠠᠭᠰᠠᠨ ᠠᠵᠢᠯ ᠤᠨ ᠠᠵᠢᠯᠲᠠᠨ ᠳᠤ ᠪᠣᠯᠪᠠᠰᠤᠷᠠᠯ ᠬᠦᠷᠲᠡᠭᠡᠵᠤ᠂ ᠳᠡᠮᠵᠢᠯᠭᠡ ᠬᠠᠩᠭᠠᠬᠤ ᠶᠢᠨ ᠬᠠᠮᠲᠤ ᠬᠢᠨᠠᠯᠲᠠ ᠲᠠᠯᠪᠢᠨ᠎ᠠ︔ ᠡᠮᠡᠭᠲᠡᠶᠢᠴᠦᠳ ᠤᠨ | ᠳᠤᠭᠤᠶᠢᠯᠠᠩ ᠤᠨ ᠭᠡᠰᠢᠭᠦᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠷᠢᠶᠡᠨ ᠳᠠᠬᠢ ᠡᠯ᠎ᠡ ᠵᠦᠢᠯ ᠤᠨ ᠬᠡᠷᠡᠭᠴᠡᠭᠡ ᠶᠢ ᠣᠶᠢᠯᠠᠭᠠᠬᠤ ᠶᠢ | ᠬᠠᠷᠢᠭᠤᠴᠠᠵᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠪᠣᠳᠠᠲᠠᠢ ᠪᠠᠷ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠵᠣᠬᠢᠴᠠᠩᠭᠤᠢ ᠦᠢᠯᠡᠴᠢᠯᠡᠭᠡ | ᠬᠠᠩᠭᠠᠨ᠎ᠠ︔ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠲᠤᠷᠰᠢᠯᠭ᠎ᠠ ᠰᠤᠷᠭᠠᠮᠵᠢ ᠶᠢ ᠳ᠋ᠦᠩᠨᠡᠬᠦ ᠶᠢᠨ ᠬᠠᠮᠲᠤ ᠤᠬᠠᠭᠤᠯᠵᠤ ᠲᠥᠷᠥᠯ ᠵᠦᠢᠯ ᠤᠨ | ᠠᠵᠢᠯᠯᠠᠭ᠎ᠠ ᠶᠢ ᠲᠥᠷᠥᠯ ᠵᠦᠢᠯ ᠤᠨ ᠬᠤᠰᠢᠭᠤᠨ ᠠᠴᠠ ᠪᠤᠰᠤᠳ ᠭᠠᠵᠠᠷ ᠣᠷᠣᠨ ᠳᠤ ᠥᠷᠨᠢᠭᠦᠯᠬᠦ ᠶᠢ ᠲᠦᠷᠭᠡᠳᠬᠡᠨ᠎ᠡ︔ ᠡᠮᠡᠭᠲᠡᠶᠢᠴᠦᠳ ᠤᠨ | ᠳᠤᠭᠤᠶᠢᠯᠠᠩ ᠤᠨ ᠭᠡᠰᠢᠭᠦᠳ ᠤᠨ ᠵᠢᠭᠡᠯᠡᠯᠭᠡ ᠶᠢᠨ ᠲᠥᠯᠥᠪᠯᠡᠭᠡ ᠶᠢ ᠬᠢᠨᠠᠨ ᠵᠥᠪᠰᠢᠶᠡᠷᠡᠬᠦ ᠪᠠ ᠵᠢᠭᠡᠯᠡᠯᠭᠡ ᠲᠠᠯᠪᠢᠬᠤ᠂ ᠡᠭᠡᠭᠦᠯᠦᠨ ᠬᠤᠷᠢᠶᠠᠬᠤ ᠠᠵᠢᠯ ᠢ | ᠰᠠᠶᠢᠲᠤᠷ ᠬᠢᠨ᠎ᠡ᠃ | ⒉ ᠰᠤᠮᠤ ᠪᠠᠯᠭᠠᠰᠤᠨ ᠤ ᠲᠠᠰ | ᠰᠤᠮᠤ ᠪᠠᠯᠭᠠᠰᠤᠨ ᠤ ᠲᠥᠷᠥᠯ ᠵᠦᠢᠯ ᠤᠨ ᠠᠯᠪᠠᠨ ᠭᠡᠷ ᠪᠣᠯ ᠲᠥᠷᠥᠯ ᠵᠦᠢᠯ ᠤᠨ ᠬᠠᠮᠢᠶᠠᠷᠤᠯᠲᠠ ᠶᠢᠨ ᠦᠨᠳᠦᠰᠦᠨ ᠱᠠᠲᠤᠨ ᠤ ᠨᠢᠭᠡᠴᠢ ᠪᠣᠯᠣᠨ᠎ᠠ᠃ | ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ᠵᠣᠬᠢᠰᠲᠠᠢ ᠠᠵᠢᠯᠯᠠᠬᠤ ᠲᠠᠯᠠᠪᠤᠷ ᠭᠠᠵᠠᠷ ᠵᠢᠴᠢ ᠵᠠᠷᠤᠳᠠᠯ ᠤᠨ ᠲᠥᠰᠥᠪ ᠬᠠᠩᠭᠠᠵᠤ᠂ ᠰᠤᠮᠤ ᠪᠠᠯᠭᠠᠰᠤᠨ ᠤ | ᠲᠥᠷᠥᠯ ᠵᠦᠢᠯ ᠤᠨ ᠠᠵᠢᠯᠲᠠᠨ ᠨᠢ ᠬᠤᠰᠢᠭᠤ ᠡᠮᠡᠭᠲᠡᠶᠢᠴᠦᠳ ᠬᠡᠦᠬᠡᠳ ᠤᠨ ᠦᠢᠯᠡᠴᠢᠯᠡᠭᠡᠨ ᠤ ᠲᠥᠪ ᠠᠴᠠ ᠵᠥᠪᠰᠢᠶᠡᠷᠡᠭᠰᠡᠨ᠂ ᠵᠢᠭᠡᠯᠡᠯᠭᠡ ᠶᠢᠨ ᠠᠵᠢᠯᠯᠠᠭ᠎ᠠ | ᠵᠢᠴᠢ ᠨᠡᠶᠢᠭᠡᠮ ᠤᠨ ᠬᠥᠭᠵᠢᠯᠲᠡ ᠶᠢᠨ ᠠᠵᠢᠯᠯᠠᠭ᠎ᠠ ᠶᠢ ᠪᠠᠭᠲᠠᠭᠠᠭᠰᠠᠨ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠬᠦ ᠶᠢ ᠬᠠᠷᠢᠭᠤᠴᠠᠨ᠎ᠠ᠃ | ᠵᠢᠯ ᠪᠦᠷᠢ ᠬᠤᠰᠢᠭᠤ ᠡᠮᠡᠭᠲᠡᠶᠢᠴᠦᠳ ᠬᠡᠦᠬᠡᠳ ᠤᠨ ᠦᠢᠯᠡᠴᠢᠯᠡᠭᠡᠨ ᠤ ᠲᠥᠪ ᠲᠤ ᠲᠥᠷᠥᠯ ᠵᠦᠢᠯ ᠤᠨ ᠠᠵᠢᠯ ᠤᠨ ᠲᠥᠯᠥᠪᠯᠡᠭᠡ᠂ ᠳ᠋ᠦᠩᠨᠡᠯᠲᠡ ᠪᠠ | ᠠᠵᠢᠯ ᠤᠨ ᠮᠡᠳᠡᠭᠡ ᠵᠠᠩᠭᠢ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠪᠠᠨ ᠲᠤᠰᠢᠶᠠᠨ᠎ᠠ᠃ ᠲᠥᠷᠥᠯ ᠵᠦᠢᠯ ᠤᠨ ᠡᠮᠡᠭᠲᠡᠶᠢᠴᠦᠳ ᠲᠤ | ᠪᠤᠯᠪᠠᠰᠤᠷᠠᠯ ᠬᠦᠷᠲᠡᠭᠡᠬᠦ ᠪᠠ ᠡᠯ᠎ᠡ ᠲᠦᠷᠦᠯ ᠤᠨ ᠠᠵᠢᠯᠯᠠᠭ᠎ᠠ ᠦᠷᠨᠢᠬᠦᠯᠬᠦ ᠳᠤ ᠬᠠᠪᠰᠤᠷᠤᠯᠭ᠎ᠠ ᠦᠵᠡᠬᠦᠯᠦᠨ᠎ᠡ᠃ | ⒊ᠭᠠᠴᠠᠭ᠎ᠠ ᠲᠣᠰᠬᠤᠨ ᠤ ᠲᠠᠰ | SPPA ᠲᠦᠷᠦᠯ ᠵᠦᠢᠯ ᠨᠢ ᠡᠮᠡᠭᠲᠡᠶᠢᠴᠦᠳ ᠢ ᠵᠣᠬᠢᠶᠠᠨ ᠪᠠᠶᠢᠭᠤᠯᠵᠤ ᠶᠡᠭᠡ ᠳᠤᠭᠤᠶᠢᠯᠠᠩ ᠪᠠᠭ᠎ᠠ ᠳᠤᠭᠤᠶᠢᠯᠠᠩ ᠪᠠᠶᠢᠭᠤᠯᠬᠤ ᠬᠡᠯᠪᠡᠷᠢ ᠪᠠᠷ ᠲᠤᠰ | ᠲᠦᠷᠦᠯ ᠵᠦᠢᠯ ᠳᠤ ᠣᠷᠣᠯᠴᠠᠭᠤᠯᠵᠤ ᠪᠣᠯᠪᠠᠰᠤᠷᠠᠯ᠂ ᠰᠤᠷᠤᠯᠴᠠᠯᠭ᠎ᠠ᠂ ᠵᠣᠷᠢᠭᠵᠢᠭᠤᠯᠤᠯ᠂ ᠬᠠᠷᠢᠯᠴᠠᠨ ᠬᠠᠪᠰᠤᠷᠤᠯᠴᠠᠬᠤ ᠳᠤ ᠤᠷᠤᠯᠴᠠᠭᠤᠯᠤᠨ | ᠡᠮᠡᠭᠲᠡᠶᠢᠴᠦᠳ ᠤᠨ ᠨᠡᠶᠢᠭᠡᠮ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ ᠭᠡᠷ ᠪᠦᠯᠢ ᠶᠢᠨ ᠣᠷᠴᠢᠨ ᠨᠦᠬᠦᠴᠡᠯ ᠢ ᠰᠠᠶᠢᠵᠢᠷᠠᠭᠤᠯᠤᠨ᠎ᠠ᠃ | ᠲᠥᠷᠥᠯ ᠵᠦᠢᠯ ᠢ ᠭᠤᠶᠤᠴᠢᠯᠠᠭᠰᠠᠳ ᠨᠢ ︽ᠡᠮᠡᠭᠲᠡᠶᠢᠴᠦᠳ ᠤᠨ ᠪᠠᠭ᠎ᠠ ᠳᠤᠭᠤᠶᠢᠯᠠᠩ ᠤᠨ ᠪᠦᠷᠢᠯᠳᠦᠭᠦᠨ ᠤ ᠦᠨᠳᠦᠰᠦᠨ ᠪᠠᠶᠢᠳᠠᠯ ᠤᠨ | ᠪᠠᠶᠢᠴᠠᠭᠠᠯᠲᠠ ᠶᠢᠨ ᠬᠦᠰᠦᠨᠦᠭᠲᠦ︾ ᠶᠢ ᠲᠠᠭᠯᠠᠵᠤ᠂ ᠠᠳᠠᠯᠢ ᠨᠢᠭᠡ ᠭᠠᠴᠠᠭ᠎ᠠ ᠲᠣᠰᠬᠤᠨ ᠤ 5 ᠠᠴᠠ 6 ᠬᠥᠮᠥᠨ ᠢᠶᠠᠷ ᠪᠠᠭ᠎ᠠ ᠳᠤᠭᠤᠶᠢᠯᠠᠩ ᠢ | ᠪᠦᠷᠢᠯᠳᠦᠭᠦᠯᠵᠦ᠂ 4 ᠠᠴᠠ 8 ᠪᠠᠭ᠎ᠠ ᠳᠤᠭᠤᠶᠢᠯᠠᠩ ᠪᠤᠯᠬᠤ ᠪᠦᠷᠢ ᠨᠢᠭᠡ ᠶᠡᠭᠡ ᠳᠤᠭᠤᠶᠢᠯᠠᠩ ᠢ ᠪᠦᠷᠢᠯᠳᠦᠭᠦᠯᠦᠨ᠎ᠡ᠃ ᠶᠡᠭᠡ ᠳᠤᠭᠤᠶᠢᠯᠠᠩ ᠨᠢ ᠲᠣᠭᠲᠠᠮᠠᠯ | ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠲᠥᠷᠥᠯ ᠵᠦᠢᠯ ᠤᠨ ᠳᠤᠭᠤᠶᠢᠯᠠᠩ ᠤᠨ ᠭᠡᠰᠢᠭᠦᠳ ᠲᠤ ᠪᠤᠯᠪᠠᠰᠤᠷᠠᠯ ᠬᠦᠷᠲᠡᠭᠡᠬᠦ᠂ ᠬᠠᠷᠢᠯᠴᠠᠨ | ᠬᠠᠪᠰᠤᠷᠤᠯᠴᠠᠬᠤ ᠵᠡᠷᠭᠡ ᠤᠴᠢᠷ ᠶᠠᠪᠤᠳᠠᠯ ᠢ ᠥᠷᠨᠢᠭᠦᠯᠤᠨ᠎ᠡ᠃ ᠶᠡᠭᠡ ᠳᠤᠭᠤᠶᠢᠯᠠᠩ ᠠᠴᠠ ᠶᠡᠭᠡ ᠳᠤᠭᠤᠶᠢᠯᠠᠩ ᠤᠨ ᠳᠠᠷᠤᠭ᠎ᠠ᠂ ᠪᠢᠴᠢᠭᠡᠴᠢ ᠶᠢ ᠰᠣᠩᠭᠤᠵᠤ | ᠪᠢᠴᠢᠭᠡᠴᠢ ᠨᠢ ᠡᠳ᠋ ᠤᠨ ᠶᠠᠪᠤᠳᠠᠯ ᠤᠨ ᠠᠵᠢᠯ ᠢ ᠬᠠᠪᠰᠤᠷᠭᠠᠨ ᠬᠠᠷᠢᠭᠤᠴᠠᠨ᠎ᠠ᠃ ᠶᠡᠭᠡ ᠳᠤᠭᠤᠶᠢᠯᠠᠩ ᠤᠨ ᠳᠠᠷᠤᠭ᠎ᠠ ᠨᠢ ᠳᠤᠭᠤᠶᠢᠯᠠᠩ ᠤᠨ ᠳᠣᠲᠣᠷᠠᠬᠢ ᠡᠳᠦᠷ | ᠲᠤᠳᠤᠮ ᠤᠨ ᠬᠠᠮᠢᠶᠠᠷᠤᠯᠲᠠ ᠶᠢ ᠬᠠᠷᠢᠭᠤᠴᠠᠵᠤ ᠬᠤᠷᠠᠯ ᠢ ᠵᠣᠬᠢᠶᠠᠨ ᠪᠠᠶᠢᠭᠤᠯᠵᠤ ᠵᠢᠭᠡᠯᠡᠯᠭᠡ ᠶᠢᠨ ᠪᠣᠯᠣᠮᠵᠢᠲᠤ ᠴᠢᠨᠠᠷ ᠢ ᠦᠨᠡᠯᠡᠨ ᠵᠢᠱᠢᠬᠦ ᠶᠢ ᠬᠥᠲᠥᠯᠥᠨ | ᠵᠢᠯᠤᠭᠤᠳᠬᠤ ᠶᠢᠨ ᠬᠠᠮᠲᠤ ᠪᠠᠭ᠎ᠠ ᠳᠤᠭᠤᠶᠢᠯᠠᠩ ᠤᠨ ᠳᠠᠷᠤᠭ᠎ᠠ ᠲᠠᠢ ᠨᠢᠭᠲᠠ ᠬᠠᠷᠢᠯᠴᠠᠵᠤ ᠲᠡᠳᠡᠨ ᠢ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ | ᠥᠭᠭᠦᠨ᠎ᠡ︔ ᠡᠳ᠋ ᠤᠨ ᠶᠠᠪᠤᠳᠠᠯ ᠢ ᠬᠠᠪᠰᠤᠷᠭᠠᠨ ᠬᠠᠷᠢᠭᠤᠴᠠᠬᠤ ᠪᠢᠴᠢᠭᠡᠴᠢ ᠳᠤᠭᠤᠶᠢᠯᠠᠩ ᠤᠨ ᠳᠣᠲᠣᠷᠠᠬᠢ ᠲᠠᠩᠰᠠ ᠡᠪᠬᠡᠮᠡᠯ ᠤᠨ ᠮᠠᠲ᠋ᠧᠷᠢᠶᠠᠯ ᠤᠨ | ᠬᠠᠮᠢᠶᠠᠷᠤᠯᠲᠠ᠂ ᠪᠡᠯᠡ ᠮᠥᠩᠭᠦ ᠶᠢᠨ ᠬᠠᠮᠢᠶᠠᠷᠤᠯᠲᠠ ︵ᠲᠠᠩᠰᠠ ᠲᠡᠮᠳᠡᠭᠯᠡᠬᠦ᠂ ᠡᠳ᠋ ᠤᠨ ᠶᠠᠪᠤᠳᠠᠯ ᠤᠨ ᠮᠡᠳᠡᠭᠦᠯᠦᠯᠲᠡ ᠶᠢᠨ ᠬᠦᠰᠦᠨᠦᠭᠲᠦ ᠶᠢ | ᠬᠠᠷᠢᠭᠤᠴᠠᠬᠤ ᠶᠢᠨ ᠬᠠᠮᠲᠤ ᠶᠡᠭᠡ ᠳᠤᠭᠤᠶᠢᠯᠠᠩ ᠤᠨ ᠲᠣᠭᠲᠠᠮᠠᠯ ᠬᠤᠷᠠᠯ ᠳᠡᠭᠡᠷ᠎ᠡ ᠳᠤᠭᠤᠶᠢᠯᠠᠩ ᠤᠨ ᠭᠡᠰᠢᠭᠦᠨ ᠤ ᠲᠥᠷᠥᠯ ᠵᠦᠢᠯ ᠤᠨ ᠵᠤᠭᠤᠰ ᠢ ᠡᠬᠡᠬᠦᠯᠦᠨ | ᠬᠤᠷᠢᠶᠠᠬᠤ ᠶᠢ ᠬᠠᠷᠢᠭᠤᠴᠠᠨ᠎ᠠ︶ ᠶᠢ ᠬᠠᠷᠢᠭᠤᠴᠠᠨ᠎ᠠ᠃ | ᠭᠤᠷᠪᠠ᠂ SPPA ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ | ︵ᠨᠢᠭᠡ︶ ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠢᠭᠡᠯᠡᠯᠭᠡ ᠣᠯᠬᠤ ᠨᠥᠬᠦᠴᠡᠯ | ⒈ᠪᠦᠬᠦᠯᠢ 18 ᠨᠠᠰᠤ ᠬᠦᠷᠦᠭᠰᠡᠨ᠂ ᠪᠦᠬᠦᠯᠢ 55 ᠨᠠᠰᠤᠨ ᠠᠴᠠ ᠳᠣᠷᠣᠭᠰᠢᠬᠢ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ | ᠪᠥᠭᠡᠳ ᠬᠠᠤᠯᠢ ᠶᠣᠰᠣᠨ ᠤ ᠬᠦᠴᠦᠨ ᠪᠦᠬᠦᠢ ᠪᠡᠶ᠎ᠡ ᠶᠢᠨ ᠦᠨᠡᠮᠯᠡᠯ ᠢ ᠬᠠᠩᠭᠠᠵᠤ ᠳᠡᠶᠢᠯᠬᠦ ᠶᠢᠨ ᠬᠠᠮᠲᠤ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ | ᠪᠡᠯᠡ ᠮᠥᠩᠭᠦ ᠶᠢᠨ ᠵᠢᠭᠡᠯᠡᠯᠭᠡ ᠶᠢᠨ ᠲᠥᠷᠥᠯ ᠵᠦᠢᠯ ᠳᠤ ᠰᠠᠶᠢᠨ ᠳᠤᠷ᠎ᠠ ᠠᠴᠠ ᠪᠠᠨ ᠣᠷᠣᠯᠴᠠᠬᠤ ᠮᠠᠯᠵᠢᠬᠤ ᠲᠠᠷᠢᠶᠠᠯᠠᠬᠤ ᠣᠷᠣᠨ ᠤ ᠡᠮᠡᠭᠲᠡᠶᠢᠴᠦᠳ︔ | ⒉ᠪᠡᠶ᠎ᠡ ᠮᠠᠬᠠᠪᠤᠳ ᠡᠷᠡᠭᠦᠯ ᠴᠢᠭᠢᠷᠠᠭ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠨ᠂ ᠦᠨᠡᠨᠴᠢ ᠢᠲᠡᠭᠡᠮᠵᠢᠲᠡᠢ ᠪᠠᠶᠢᠵᠤ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠢᠲᠡᠭᠡᠮᠵᠢ ᠣᠯᠬᠤ ᠵᠥᠪᠰᠢᠶᠡᠷᠡᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ︔ | ⒊ᠳᠣᠣᠷᠠᠬᠢ ᠪᠠᠶᠢᠳᠠᠯ ᠤᠳ ᠤᠨ ᠨᠢᠭᠡ ᠨᠢ ᠤᠷᠤᠰᠢᠪᠠᠯ ᠬᠦᠢᠴᠡᠳᠭᠡᠵᠤ ᠪᠣᠯᠬᠤ ᠦᠭᠡᠢ᠄ | ⑴ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠳᠤ ᠬᠦᠨᠳᠦ ᠨᠣᠴᠢᠲᠠᠢ ᠭᠡᠷ᠎ᠡ ᠵᠥᠷᠢᠴᠡᠭᠰᠡᠨ ᠲᠡᠮᠳᠡᠭᠯᠡᠯ ᠲᠠᠢ ᠪᠠᠶᠢᠬᠤ︔ | ⑵ ᠦᠷᠢ ᠥᠭᠴᠡᠭᠡ ᠠᠴᠠ ᠲᠤᠲᠠᠭᠠᠭᠰᠠᠨ ᠪᠤᠶᠤ ᠰᠢᠭᠦᠬᠦ ᠬᠤᠷᠢᠶ᠎ᠠ ᠠᠴᠠ ᠠᠯᠪᠠᠳᠠᠨ ᠭᠦᠢᠴᠡᠳᠬᠡᠭᠦᠯᠬᠦ ᠡᠲᠡᠭᠡᠳ ᠢᠶᠠᠷ ᠵᠢᠭᠰᠠᠭᠠᠭᠳᠠᠭᠰᠠᠨ ᠤ ᠲᠠᠷᠠᠭ᠎ᠠ | ᠦᠷᠢ ᠥᠭᠴᠡᠭᠡ ᠪᠠᠨ ᠪᠤᠴᠠᠭᠠᠭᠰᠠᠨ ᠦᠬᠡᠢ ᠪᠠᠶᠢᠬᠤ︔ | ⑶ ᠶᠠᠯ᠎ᠠ ᠬᠢᠭᠰᠡᠨ ᠰᠡᠵᠢᠭᠯᠡᠯᠲᠡᠢ ᠪᠤᠶᠤ ᠶᠠᠯ᠎ᠠ ᠬᠢᠭᠰᠡᠨ ᠠᠴᠠ ᠪᠣᠯᠵᠤ ᠶᠠᠭ ᠬᠠᠤᠯᠢ ᠴᠠᠭᠠᠵᠠ ᠶᠢᠨ ᠰᠢᠳᠬᠡᠯ ᠢ ᠣᠯᠵᠤ ᠪᠠᠶᠢᠬᠤ︔ | ⑷ ᠵᠣᠭᠤᠰ ᠨᠠᠭᠠᠳᠬᠤ᠂ ᠬᠤᠣᠷ ᠳᠠᠲᠠᠬᠤ ᠵᠡᠷᠭᠡ ᠮᠠᠭᠤ ᠦᠢᠯᠡ ᠠᠵᠢᠯᠯᠠᠭ᠎ᠠ ᠲᠠᠢ ᠪᠠᠶᠢᠬᠤ︔ | ⑸ ᠬᠤᠪᠢ ᠬᠥᠮᠥᠨ ᠪᠤᠶᠤ ᠭᠡᠷ ᠪᠦᠯᠢ ᠶᠢᠨ ᠪᠦᠷᠢᠯᠳᠦᠭᠦᠨ ᠨᠢ ᠰᠢᠭᠦᠬᠦ ᠬᠤᠷᠢᠶ᠎ᠠ ᠠᠴᠠ ᠴᠡᠪᠳᠡᠭᠯᠡᠭᠰᠡᠨ ᠡᠳ᠋ ᠬᠥᠷᠥᠩᠭᠡ ᠲᠠᠢ ᠪᠠᠶᠢᠬᠤ︔ | ⑹ ᠤᠯᠤᠰ ᠠᠴᠠ ᠲᠣᠳᠣᠷᠬᠠᠢ ᠵᠠᠷᠯᠢᠭ ᠭᠠᠷᠭᠠᠵᠤ ᠲᠤᠬᠠᠶᠢᠯᠠᠭᠰᠠᠨ ᠠᠵᠢᠯ ᠡᠷᠬᠢᠯᠡᠬᠦ ᠶᠢ ᠴᠠᠭᠠᠵᠢᠯᠠᠭᠰᠠᠨ︔ | ︵ᠬᠤᠶᠠᠷ︶ ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠬᠦ ᠵᠠᠷᠴᠢᠮ | ⒈ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠤᠨ ᠡᠮᠡᠭᠲᠡᠶᠢᠴᠦᠳ ᠬᠡᠦᠬᠡᠳ ᠤᠨ ᠦᠢᠯᠡᠴᠢᠯᠡᠭᠡᠨ ᠤ ᠲᠥᠪ ᠠᠴᠠ ᠬᠤᠰᠢᠭᠤ ᠵᠠᠰᠠᠭ ᠤᠨ ᠣᠷᠳᠣᠨ ᠢ ᠣᠷᠣᠯᠠᠨ ᠡᠷᠬᠢᠯᠳᠦᠬᠦᠯᠦᠨᠡ︔ | ⒉ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠢᠭᠡᠯᠡᠯᠭᠡ ᠶᠢᠨ ᠦᠶᠡᠯᠡᠯ ᠤᠨ ᠬᠤᠭᠤᠴᠠᠭ᠎ᠠ ᠨᠢ 12 | ᠰᠠᠷ᠎ᠠ︔ | ⒊ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠡᠮᠡᠭᠲᠡᠢ ᠬᠥᠮᠥᠨ | ᠨᠢᠭᠡᠪᠦᠷᠢ ᠳᠤ 10000 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ︔ | ⒋ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠵᠢᠭᠡᠯᠡᠯᠭᠡ ᠶᠢ ᠬᠡᠷᠡᠭᠯᠡᠬᠦ ᠰᠦᠢᠳᠬᠡᠯ ᠳᠤ | ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠦᠦ ᠨᠣᠷᠮ᠎ᠠ ︵LPR︶ ᠶᠢ ᠬᠡᠷᠡᠭᠯᠡᠵᠤ᠂ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ | ᠬᠦᠦ ᠨᠤᠷᠮ᠎ᠠ ︵LPR︶ ᠳᠤ ᠲᠣᠬᠢᠷᠠᠭᠤᠯᠤᠯᠲᠠ ᠬᠢᠬᠦ ᠶᠢ ᠳᠠᠭᠠᠯᠳᠤᠨ ᠳᠤᠰ ᠳᠦᠷᠦᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ | ᠮᠥᠩᠭᠦ ᠶᠢ ᠬᠡᠷᠡᠭᠯᠡᠬᠦ ᠰᠦᠢᠳᠬᠡᠯ ᠳᠤ ᠵᠣᠬᠢᠴᠠᠩᠭᠤᠢ ᠲᠣᠬᠢᠷᠠᠭᠤᠯᠤᠯᠲᠠ ᠬᠢᠵᠦ ᠵᠢᠭᠡᠯᠡᠯᠭᠡ ᠶᠢᠨ ᠭᠦᠢᠴᠡᠳᠬᠡᠬᠦ ᠬᠦᠦ ᠨᠤᠷᠮ᠎ᠠ ᠨᠢ ᠭᠡᠷ᠎ᠡ ᠲᠣᠭᠲᠠᠭᠠᠬᠤ ᠠᠴᠠ | ᠡᠮᠦᠨ᠎ᠡ ᠨᠢᠭᠡ ᠡᠳᠦᠷ ᠤᠨ ᠪᠦᠬᠦ ᠤᠯᠤᠰ ᠤᠨ ᠪᠠᠩᠬᠢ ᠶᠢᠨ ᠬᠤᠭᠤᠷᠣᠨᠳᠣᠬᠢ ᠠᠳᠠᠯᠢ ᠠᠵᠢᠯ ᠳᠦᠷᠦᠯ ᠤᠨ ᠲᠦᠷ ᠵᠢᠭᠡᠯᠡᠯᠭᠡ ᠶᠢᠨ ᠲᠥᠪ ᠤᠨ ᠨᠡᠶᠢᠲᠡᠯᠡᠭᠰᠡᠨ | ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠨᠤᠷᠮ᠎ᠠ ︵LPR︶ ᠪᠠᠶᠢᠵᠤ᠂ ᠭᠡᠷ᠎ᠡ ᠶᠢᠨ | ᠬᠤᠭᠤᠴᠠᠭᠠᠨ ᠳᠤ ᠬᠦᠦ ᠨᠤᠷᠮ᠎ᠠ ᠳᠤ ᠲᠣᠬᠢᠷᠠᠭᠤᠯᠤᠯᠲᠠ ᠬᠢᠬᠦ ᠦᠭᠡᠢ᠂ ᠬᠡᠷᠡᠭᠯᠡᠭᠰᠡᠨ ᠰᠦᠢᠳᠬᠡᠯ ᠢ ᠵᠢᠭᠡᠯᠡᠯᠭᠡ ᠲᠠᠯᠪᠢᠬᠤ ᠦᠶ᠎ᠡ ᠳᠤ ᠤᠷᠢᠳᠠᠪᠠᠷ ᠬᠠᠰᠤᠨ | ᠠᠪᠤᠨ᠎ᠠ᠃ | ︵ᠭᠤᠷᠪᠠ︶ ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠡᠷᠡᠭᠴᠡᠭᠡ | ᠲᠥᠷᠥᠯ ᠵᠦᠢᠯ ᠤᠨ ᠡᠮᠡᠭᠲᠡᠶᠢᠴᠦᠳ ᠤᠨ ᠭᠡᠷ ᠪᠦᠯᠢ ᠶᠢᠨ ᠦᠢᠯᠡᠳᠪᠦᠷᠢᠯᠡᠯ ᠢᠶᠠᠨ ᠬᠥᠭᠵᠢᠭᠦᠯᠬᠦ᠂ ᠡᠵᠡᠩᠨᠡᠯᠲᠡ ᠬᠢᠬᠦ ᠪᠠ ᠣᠷᠣᠯᠭ᠎ᠠ ᠡᠭᠦᠳᠬᠦ ᠳᠤ | ᠨᠠᠷᠢᠯᠢᠭ ᠣᠨᠣᠴᠠᠲᠠᠢ ᠪᠠᠷ ᠬᠡᠷᠡᠭᠯᠡᠵᠦ᠂ ᠵᠠᠰᠠᠭ ᠤᠨ ᠣᠷᠳᠣᠨ ᠤ ᠪᠡᠯᠡ ᠲᠣᠬᠢᠷᠠᠭᠤᠯᠭ᠎ᠠ ᠶᠢᠨ ᠲᠠᠪᠴᠠᠩ ᠳᠤ ᠲᠥᠪᠯᠡᠷᠡᠭᠦᠯᠦᠨ ᠬᠡᠷᠡᠭᠯᠡᠵᠦ ᠪᠣᠯᠬᠤ ᠦᠭᠡᠢ᠂ | ᠡᠷᠦᠬᠡ ᠠᠴᠠ ᠵᠢᠭᠡᠯᠡᠵᠦ ᠠᠵᠤ ᠠᠬᠤᠶᠢᠯᠠᠯ ᠳᠤ ᠬᠡᠷᠡᠭᠯᠡᠵᠦ ᠪᠣᠯᠬᠤ ᠦᠭᠡᠢ᠂ ᠰᠢᠯᠵᠢᠭᠦᠯᠦᠨ ᠵᠢᠭᠡᠯᠡᠭᠦᠯᠵᠦ ᠪᠣᠯᠬᠤ ᠦᠭᠡᠢ᠂ ᠪᠡᠯᠡ ᠮᠥᠩᠭᠦ ᠴᠤᠭᠯᠠᠭᠤᠯᠤᠨ | ᠬᠡᠷᠡᠭᠯᠡᠵᠦ ᠪᠣᠯᠬᠤ ᠦᠭᠡᠢ᠃ | ︵ᠳᠥᠷᠪᠡ︶ ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠪᠠᠲᠤᠯᠠᠪᠤᠷᠢ ᠬᠢᠬᠦ ᠠᠷᠭ᠎ᠠ ᠬᠢᠭᠡᠳ ᠶᠠᠪᠤᠴᠠ | ᠬᠤᠯᠪᠣᠭᠠᠯᠠᠨ ᠪᠠᠲᠤᠯᠠᠬᠤ ᠵᠢᠭᠡᠯᠡᠯᠭᠡ ᠶᠢ ᠪᠠᠭ᠎ᠠ ᠳᠤᠭᠤᠶᠢᠯᠠᠩ ᠤᠨ ᠪᠦᠷᠢᠯᠳᠦᠭᠦᠨ ᠨᠠᠷ ᠬᠤᠯᠪᠣᠭᠠᠯᠠᠨ ᠪᠠᠲᠤᠯᠠᠬᠤ ᠳᠤᠭᠤᠶᠢᠯᠠᠩ ᠪᠠᠶᠢᠭᠤᠯᠵᠤ | ᠬᠤᠯᠪᠣᠯᠳᠤᠭᠰᠠᠨ ᠬᠠᠷᠢᠭᠤᠴᠠᠯᠭ᠎ᠠ ᠶᠢ ᠬᠠᠷᠢᠯᠴᠠᠨ ᠡᠭᠦᠷᠭᠡᠯᠡᠨ᠎ᠡ᠂ ᠲᠤᠬᠠᠶᠢᠯᠠᠪᠠᠯ ᠬᠡᠷᠪᠡ ᠳᠤᠭᠤᠶᠢᠯᠠᠩ ᠤᠨ ᠨᠢᠭᠡ ᠭᠡᠰᠢᠭᠦᠨ ᠨᠢ ᠵᠢᠭᠡᠯᠡᠯᠭᠡ ᠪᠠᠨ ᠪᠤᠴᠠᠭᠠᠵᠤ | ᠳᠡᠶᠢᠯᠬᠦ ᠦᠭᠡᠢ ᠪᠠᠶᠢᠪᠠᠯ᠂ ᠲᠤᠰ ᠪᠠᠭ᠎ᠠ ᠳᠤᠭᠤᠶᠢᠯᠠᠩ ᠤᠨ ᠪᠤᠰᠤᠳ ᠭᠡᠰᠢᠭᠦᠨ ᠨᠢ ᠡᠷᠬᠡᠪᠰᠢ ᠲᠤᠰ ᠥᠷᠢᠲᠦᠵᠦ ᠪᠠᠶᠢᠭ᠎ᠠ ᠬᠥᠮᠥᠨ ᠤ ᠵᠣᠭᠤᠰ ᠢ ᠪᠤᠴᠠᠭᠠᠨ᠎ᠠ | ︵ᠵᠠᠷᠢᠮ ᠣᠨᠴᠠᠭᠠᠶ ᠪᠠᠶᠢᠳᠠᠯ ᠳᠣᠣᠷᠠᠬᠢ ᠨᠠᠶᠢᠳᠠᠪᠤᠷᠢ ᠦᠭᠡᠢ ᠠᠪᠤᠴᠠᠭ᠎ᠠ᠂ ᠠᠪᠴᠤ ᠳᠡᠶᠢᠯᠬᠦ ᠦᠭᠡᠢ ᠠᠪᠤᠴᠠᠭ᠎ᠠ ᠪᠠᠭᠲᠠᠬᠤ ᠦᠭᠡᠢ︶᠃ | ︵ᠲᠠᠪᠤ︶ ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠪᠦᠷᠢᠨ ᠪᠦᠲᠦᠨ ᠴᠢᠨᠠᠷ ᠢ ᠪᠠᠲᠤᠯᠠᠨ᠎ᠠ | ⒈ᠬᠤᠰᠢᠭᠤ᠂ ᠰᠤᠮᠤ ᠪᠠᠯᠭᠠᠰᠤᠨ ᠤ ᠱᠠᠲᠤᠨ ᠳᠤ ᠲᠤᠰᠠᠭᠠᠷ ᠲᠠᠩᠰᠠᠨ ᠡᠷᠦᠬᠡ ᠪᠠᠶᠢᠭᠤᠯᠵᠤ ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠶᠢ ᠬᠠᠮᠢᠶᠠᠷᠤᠨ᠎ᠠ︔ | ⒉ᠬᠤᠰᠢᠭᠤ ᠠᠴᠠ ᠰᠤᠮᠤ ᠪᠠᠯᠭᠠᠰᠤ ᠬᠦᠷᠲᠡᠯᠡᠬᠢ ᠪᠡᠯᠡ ᠮᠥᠩᠭᠦ ᠶᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠭᠤᠯᠤᠨ ᠲᠠᠷᠬᠠᠭᠠᠨ᠎ᠠ︔ | ⒊ᠰᠤᠮᠤ ᠪᠠᠯᠭᠠᠰᠤᠨ ᠤ ᠲᠥᠷᠥᠯ ᠵᠦᠢᠯ ᠤᠨ ᠠᠯᠪᠠᠨ ᠭᠡᠷ ᠨᠢ ᠲᠥᠷᠥᠯ ᠵᠦᠢᠯ ᠤᠨ ᠳᠤᠭᠤᠶᠢᠯᠠᠩ ᠤᠨ ᠭᠡᠰᠢᠭᠦᠳ ᠯᠦᠭᠡ ᠬᠤᠪᠢ ᠬᠥᠮᠥᠨ ᠤ | ᠵᠢᠭᠡᠯᠡᠯᠭᠡ ᠶᠢᠨ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ 5 ᠠᠵᠢᠯᠯᠠᠬᠤ ᠡᠳᠦᠷ ᠤᠨ ᠳᠣᠲᠣᠷ᠎ᠠ ᠲᠥᠷᠥᠯ ᠵᠦᠢᠯ ᠤᠨ ᠵᠢᠭᠡᠯᠡᠯᠭᠡ ᠶᠢ ᠳᠤᠭᠤᠶᠢᠯᠠᠩ ᠤᠨ | ᠭᠡᠰᠢᠭᠦᠳ ᠲᠤ ᠣᠯᠭᠤᠨ᠎ᠠ︔ | ⒋ᠵᠢᠭᠡᠯᠡᠯᠭᠡ ᠶᠢᠨ ᠬᠤᠭᠤᠴᠠᠭ᠎ᠠ ᠬᠦᠷᠦᠭᠰᠡᠨ ᠤ ᠳᠠᠷᠠᠭ᠎ᠠ᠂ ᠶᠡᠭᠡ ᠳᠤᠭᠤᠶᠢᠯᠠᠩ ᠤᠨ ᠡᠳ᠋ ᠤᠨ ᠶᠠᠪᠤᠳᠠᠯ ᠨᠢ 3 ᠠᠵᠢᠯᠯᠠᠬᠤ ᠡᠳᠦᠷ ᠤᠨ ᠳᠣᠲᠣᠷ᠎ᠠ | ᠪᠤᠴᠠᠭᠠᠬᠤ ᠵᠣᠭᠤᠰ ᠢᠶᠠᠨ ᠰᠤᠮᠤ ᠪᠠᠯᠭᠠᠰᠤᠨ ᠤ SPPA ᠲᠥᠷᠥᠯ ᠵᠦᠢᠯ ᠤᠨ ᠪᠡᠯᠡ ᠮᠥᠩᠬᠦᠨ ᠤ ᠬᠠᠮᠢᠶᠠᠷᠤᠯᠲᠠ ᠶᠢᠨ ᠲᠤᠰᠬᠠᠢ ᠲᠠᠩᠰᠠᠨ ᠡᠷᠦᠬᠡ ᠳᠤ | ᠬᠠᠳᠠᠭᠠᠯᠠᠵᠤ᠂ ᠰᠤᠮᠤ ᠪᠠᠯᠭᠠᠰᠤᠨ ᠤ ᠲᠥᠷᠥᠯ ᠵᠦᠢᠯ ᠤᠨ ᠠᠵᠢᠯᠲᠠᠨ 3 ᠠᠵᠢᠯᠯᠠᠬᠤ ᠡᠳᠦᠷ ᠤᠨ ᠳᠣᠲᠣᠷ᠎ᠠ ᠬᠤᠷᠢᠶᠠᠵᠤ ᠠᠪᠤᠭᠰᠠᠨ ᠪᠠᠭ᠎ᠠ ᠬᠡᠯᠪᠡᠷᠢ ᠶᠢᠨ | ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠪᠠᠨ ᠬᠤᠰᠢᠭᠤ ᠡᠮᠡᠭᠲᠡᠶᠢᠴᠦᠳ ᠬᠡᠦᠬᠡᠳ ᠤᠨ ᠦᠢᠯᠡᠴᠢᠯᠡᠭᠡᠨ ᠤ ᠲᠥᠪ ᠤᠨ SPPA ᠲᠥᠷᠥᠯ ᠵᠦᠢᠯ ᠤᠨ | ᠪᠡᠯᠡ ᠮᠥᠩᠭᠦ ᠶᠢᠨ ᠬᠠᠮᠢᠶᠠᠷᠤᠯᠲᠠ ᠶᠢᠨ ᠲᠤᠰᠠᠭᠠᠷ ᠲᠠᠩᠰᠠᠨ ᠡᠷᠦᠬᠡ ᠳᠤ ᠰᠢᠯᠵᠢᠭᠦᠯᠦᠨ ᠣᠷᠣᠭᠤᠯᠤᠨ᠎ᠠ᠃ | ᠳᠥᠷᠪᠡ᠂ SPPA ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠬᠦ ᠰᠦᠢᠳᠬᠡᠯ ᠤᠨ | ᠬᠡᠷᠡᠭᠯᠡᠯᠲᠡ | ⒈1/3 ᠶᠢᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠬᠦ ᠰᠦᠢᠳᠬᠡᠯ ᠢ ᠲᠥᠷᠥᠯ ᠵᠦᠢᠯ ᠤᠨ ᠪᠠᠭ᠎ᠠ ᠬᠡᠯᠪᠡᠷᠢ | ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠲᠦᠭᠰᠢᠭᠦᠷᠢ ᠶᠢᠨ ᠮᠥᠩᠭᠦ ᠪᠣᠯᠭᠠᠵᠤ᠂ ᠭᠠᠷᠴᠤ ᠮᠡᠳᠡᠬᠦ ᠵᠠᠷᠢᠮ ᠣᠨᠴᠠᠭᠠᠶ ᠪᠠᠶᠢᠳᠠᠯ ᠳᠣᠣᠷᠠᠬᠢ | ᠨᠠᠶᠢᠳᠠᠪᠤᠷᠢ ᠦᠭᠡᠢ ᠠᠪᠤᠴᠠᠭ᠎ᠠ᠂ ᠠᠪᠴᠤ ᠳᠡᠶᠢᠯᠬᠦ ᠦᠭᠡᠢ ᠠᠪᠤᠴᠠᠭ᠎ᠠ ᠶᠢᠨ ᠬᠤᠬᠢᠷᠠᠯ ︵ᠵᠣᠭᠤᠰ ᠵᠢᠭᠡᠯᠡᠭᠴᠢ ᠨᠢ ᠳᠠᠮᠫᠤᠷᠠᠭᠰᠠᠨ ᠪᠤᠶᠤ ᠨᠠᠰᠤ ᠪᠠᠷᠠᠭᠰᠠᠨ ᠠᠴᠠ | ᠪᠣᠯᠵᠤ᠂ ᠳᠠᠮᠫᠤᠷᠠᠭᠰᠠᠨ ᠡᠳ᠋ ᠬᠥᠷᠥᠩᠭᠡ ᠪᠤᠶᠤ ᠥᠪ ᠬᠥᠷᠥᠩᠭᠡ ᠪᠠᠷ ᠢᠶᠠᠨ ᠲᠥᠯᠥᠭᠰᠡᠨ ᠤ ᠳᠠᠷᠠᠭ᠎ᠠ ᠮᠥᠨ ᠯᠡ ᠪᠤᠴᠠᠭᠠᠨ ᠠᠪᠴᠤ ᠳᠡᠶᠢᠯᠬᠦ ᠦᠭᠡᠢ ᠵᠣᠭᠤᠰ ᠢ | ᠰᠤᠮᠤ ᠪᠠᠯᠭᠠᠰᠤᠨ ᠤ ᠲᠥᠷᠥᠯ ᠵᠦᠢᠯ ᠤᠨ ᠠᠯᠪᠠᠨ ᠭᠡᠷ ᠠᠴᠠ ᠪᠠᠶᠢᠴᠠᠭᠠᠵᠤ ᠬᠢᠨᠠᠨ ᠬᠠᠷᠭᠤᠭᠤᠯᠤᠭᠠᠳ ᠠᠪᠴᠤ ᠳᠡᠶᠢᠯᠬᠦ ᠦᠭᠡᠢ ᠠᠪᠤᠴᠠᠭ᠎ᠠ ᠭᠡᠵᠦ | ᠨᠤᠲᠠᠯᠠᠭᠰᠠᠨ ᠤ ᠳᠠᠷᠠᠭ᠎ᠠ ᠠᠶᠤᠯ ᠲᠦᠭᠰᠢᠭᠦᠷᠢ ᠶᠢᠨ ᠮᠥᠩᠭᠦ ᠶᠢ ᠬᠡᠷᠡᠭᠯᠡᠵᠦ ᠰᠢᠢᠳᠪᠦᠷᠢᠯᠡᠨ᠎ᠡ︶ ᠢ ᠨᠥᠬᠦᠪᠦᠷᠢᠯᠡᠬᠦ ᠳᠤ ᠬᠡᠷᠡᠭᠯᠡᠨ᠎ᠡ᠂ ᠨᠠᠶᠢᠳᠠᠪᠤᠷᠢ ᠦᠭᠡᠢ | ᠠᠪᠤᠴᠠᠭ᠎ᠠ᠂ ᠠᠪᠴᠤ ᠳᠡᠶᠢᠯᠬᠦ ᠦᠭᠡᠢ ᠠᠪᠤᠴᠠᠭ᠎ᠠ ᠶᠢᠨ ᠬᠤᠬᠢᠷᠠᠯ ᠢ ᠨᠥᠬᠦᠪᠦᠷᠢᠯᠡᠭᠰᠡᠨ ᠤ ᠳᠠᠷᠠᠭᠠᠬᠢ ᠦᠯᠡᠳᠡᠪᠦᠷᠢ ᠬᠡᠰᠡᠭ ᠢ ᠪᠠᠭ᠎ᠠ ᠬᠡᠯᠪᠡᠷᠢ ᠶᠢᠨ ᠢᠲᠡᠭᠡᠮᠵᠢᠲᠦ | ᠵᠢᠭᠡᠯᠡᠯᠭᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠲᠤᠰᠬᠠᠢ ᠳᠠᠩᠰᠠᠨ ᠳᠤ ᠬᠠᠳᠠᠭᠠᠯᠠᠨ᠎ᠠ᠃ | ⒉1/3 ᠶᠢᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠬᠦ ᠰᠦᠢᠳᠬᠡᠯ ᠢ ᠲᠥᠷᠥᠯ ᠵᠦᠢᠯ ᠤᠨ ᠡᠷᠬᠢᠯᠲᠡ ᠶᠢᠨ | ᠪᠡᠯᠡ ᠮᠥᠩᠭᠦ ᠪᠣᠯᠭᠠᠵᠤ᠂ ᠲᠥᠷᠥᠯ ᠵᠦᠢᠯ ᠤᠨ ᠡᠮᠡᠭᠲᠡᠶᠢᠴᠦᠳ ᠤᠨ ᠪᠣᠯᠪᠠᠰᠤᠷᠠᠯ᠂ ᠲᠥᠷᠥᠯ ᠵᠦᠢᠯ ᠤᠨ ᠡᠮᠡᠭᠲᠡᠶᠢᠴᠦᠳ ᠤᠨ ᠠᠵᠢᠯᠯᠠᠭ᠎ᠠ᠂ ᠲᠥᠷᠥᠯ | ᠵᠦᠢᠯ ᠤᠨ ᠡᠮᠡᠭᠲᠡᠶᠢᠴᠦᠳ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠱᠠᠩᠨᠠᠬᠤ ᠵᠡᠷᠭᠡ ᠵᠠᠷᠤᠳᠠᠯ ᠤᠨ ᠵᠠᠷᠤᠯᠭ᠎ᠠ ᠪᠠ ᠰᠤᠮᠤ ᠪᠠᠯᠭᠠᠰᠤ᠂ ᠭᠠᠴᠠᠭ᠎ᠠ | ᠲᠣᠰᠬᠤᠨ ᠤ ᠱᠠᠲᠤᠨ ᠤ ᠲᠥᠷᠥᠯ ᠵᠦᠢᠯ ᠤᠨ ᠬᠠᠮᠢᠶᠠᠷᠤᠯᠲᠠ ᠶᠢᠨ ᠡᠳᠦᠷ ᠲᠤᠲᠤᠮ ᠤᠨ ᠬᠡᠷᠡᠭᠰᠡᠬᠦ ᠠᠯᠪᠠᠨ ᠵᠠᠷᠤᠳᠠᠯ ᠳᠤ ᠬᠡᠷᠡᠭᠯᠡᠵᠦ᠂ ᠰᠤᠮᠤ ᠪᠠᠯᠭᠠᠰᠤᠨ ᠤ | ᠳᠡᠭᠡᠭᠰᠢ ᠮᠡᠳᠡᠭᠦᠯᠦᠭᠰᠡᠨ ᠭᠠᠴᠠᠭ᠎ᠠ ᠲᠣᠰᠬᠤᠨ ᠤ ᠲᠥᠷᠥᠯ ᠵᠦᠢᠯ ᠤᠨ ᠶᠡᠭᠡ ᠳᠤᠭᠤᠶᠢᠯᠠᠩ ᠤᠨ ᠳᠠᠷᠤᠭ᠎ᠠ ᠶᠢᠨ ᠨᠡᠷ᠎ᠡ ᠶᠢ ᠦᠨᠳᠦᠰᠦᠯᠡᠨ ᠬᠥᠮᠥᠨ ᠪᠦᠷᠢ ᠳᠤ | ᠵᠢᠯ ᠪᠦᠷᠢ 500 ᠲᠥᠭᠦᠷᠢᠭ ᠤᠨ ᠨᠥᠬᠦᠪᠦᠷᠢ ᠣᠯᠭᠤᠨ᠎ᠠ᠃ | ⒊1/3 ᠶᠢᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢ ᠬᠡᠷᠡᠭᠯᠡᠬᠦ ᠰᠦᠢᠳᠬᠡᠯ ᠢ ᠦᠦᠰᠢᠨ ᠬᠤᠰᠢᠭᠤᠨ ᠤ ᠡᠮᠡᠭᠲᠡᠶᠢᠴᠦᠳ | ᠬᠡᠦᠬᠡᠳ ᠤᠨ ᠦᠢᠯᠡᠴᠢᠯᠡᠭᠡᠨ ᠤ ᠲᠥᠪ ᠤᠨ SPPA ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢᠨ ᠲᠠᠩᠰᠠᠨ ᠡᠷᠦᠬᠡ ᠳᠤ ᠬᠠᠳᠠᠭᠠᠯᠠᠵᠤ᠂ SPPA ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ | ᠮᠥᠩᠭᠦ ᠶᠢ ᠨᠡᠮᠡᠭᠳᠡᠭᠦᠯᠦᠨ᠎ᠡ᠃ | ᠲᠠᠪᠤ᠂ SPPA ᠲᠥᠷᠥᠯ ᠵᠦᠢᠯ ᠤᠨ ᠪᠠᠭ᠎ᠠ ᠬᠡᠯᠪᠡᠷᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ | ᠬᠤᠰᠢᠭᠤ ᠠᠷᠠᠳ ᠤᠨ ᠵᠠᠰᠠᠭ ᠤᠨ ᠣᠷᠳᠣᠨ ᠪᠣᠯᠣᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠬᠡᠦᠬᠡᠳ ᠤᠨ ᠰᠠᠭᠤᠷᠢ ᠮᠥᠩᠭᠦᠨ ᠤ | ᠨᠡᠶᠢᠭᠡᠮᠯᠢᠭ ᠤᠨ ᠬᠠᠮᠲᠤᠷᠠᠯᠴᠠᠭᠠᠨ ᠤ ᠲᠥᠰᠥᠯ ᠳᠤ ᠲᠣᠭᠲᠠᠭᠠᠭᠰᠠᠨ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠬᠡᠷᠡᠭᠯᠡᠬᠦ ᠳᠦᠷᠢᠮ ᠢ ᠴᠢᠩᠭ᠎ᠠ ᠵᠢᠷᠤᠮᠯᠠᠨ | SPPA ᠲᠥᠷᠥᠯ ᠵᠦᠢᠯ ᠤᠨ ᠪᠡᠯᠡ ᠮᠥᠩᠭᠦ ᠶᠢ ᠬᠡᠷᠡᠭᠯᠡᠨ᠎ᠡ᠃ ᠬᠤᠰᠢᠭᠤ ᠵᠠᠰᠠᠭ ᠤᠨ ᠣᠷᠳᠣᠨ ᠪᠠ ᠬᠤᠰᠢᠭᠤ ᠬᠢᠨᠠᠨ ᠪᠤᠳᠤᠬᠤ ᠲᠣᠪᠴᠢᠶ᠎ᠠ ᠡᠭᠦᠷᠭᠡ | ᠴᠢᠳᠠᠪᠤᠷᠢ ᠲᠠᠢ ᠪᠠᠨ ᠤᠶᠠᠯᠳᠤᠭᠤᠯᠤᠨ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠲᠥᠷᠥᠯ ᠵᠦᠢᠯ ᠤᠨ ᠪᠡᠯᠡ | ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠢ᠂ ᠲᠤᠰᠬᠠᠢ ᠵᠣᠭᠤᠰ ᠢ ᠲᠤᠰᠬᠠᠢ ᠬᠡᠷᠡᠭᠯᠡᠬᠦ᠂ ᠪᠡᠶ᠎ᠡ ᠪᠠᠨ ᠳᠠᠭᠠᠭᠠᠨ ᠠᠵᠢᠯᠯᠠᠬᠤ ᠶᠢ | ᠪᠠᠲᠤᠯᠠᠵᠤ ᠪᠡᠯᠡ ᠮᠥᠩᠭᠦ ᠶᠢ ᠦᠯᠡᠳᠡᠭᠡᠨ ᠠᠪᠬᠤ᠂ ᠨᠡᠭᠦᠯᠭᠡᠨ ᠬᠡᠷᠡᠭᠯᠡᠬᠦ᠂ ᠮᠡᠬᠡᠯᠡᠨ ᠠᠪᠬᠤ ᠶᠢ ᠴᠢᠩᠭ᠎ᠠ ᠴᠠᠭᠠᠵᠠᠯᠠᠨ᠎ᠠ᠂ ᠲᠣᠭᠲᠠᠭᠠᠯ ᠠᠴᠠ ᠵᠥᠷᠢᠴᠡᠭᠰᠡᠨ | ᠪᠠᠶᠢᠪᠠᠯ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠳᠬᠡᠬᠦ ᠳᠦᠷᠢᠮ︾ ᠶᠣᠰᠣᠭᠠᠷ ᠰᠢᠢᠳᠪᠦᠷᠢᠯᠡᠨ᠎ᠡ᠃ | | | |