ᠳᠤᠮᠳᠠᠳᠤ ᠤᠯᠤᠰ ᠤᠨ ᠲᠣᠰᠣᠨ ᠪᠤᠳᠤᠭ ᠤᠨ ᠵᠢᠷᠤᠭ ᠤᠨ ᠨᠠᠷᠠᠲᠤ ᠵᠢᠷᠤᠭᠴᠢᠳ ᠰᠢᠷᠬᠤᠰᠤᠨ ᠳᠤ ᠬᠦᠨᠵᠡᠭᠡᠶᠢᠷᠡᠬᠦ ᠵᠢᠴᠢ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠰᠣᠷᠪᠤᠯᠵᠢᠯᠠᠨ ᠵᠣᠬᠢᠶᠠᠨ ᠪᠦᠲᠦᠭᠡᠬᠦ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/5/18
      5 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠮᠠᠷᠠᠲᠤ ᠶᠢᠨ ᠲᠣᠰᠣᠨ ᠪᠤᠳᠤᠭ ᠤᠨ ᠵᠢᠷᠤᠭ ᠤᠨ ᠬᠦᠷᠢᠶᠡᠯᠡᠩ ᠠᠴᠠ ᠭᠤᠣᠯᠯᠠᠨ ᠡᠷᠭᠢᠯᠡᠵᠦ᠂ ᠣᠷᠳᠣᠰ ᠬᠤᠲᠠ ᠶᠢᠨ ᠤᠷᠠᠨ ᠵᠢᠷᠤᠭᠴᠢᠳ ᠤᠨ ᠡᠪᠯᠡᠯ᠂ ᠬᠤᠰᠢᠭᠤ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠭᠰᠡᠨ ᠳᠤᠮᠳᠠᠳᠤ ᠤᠯᠤᠰ ᠤᠨ ᠲᠣᠰᠣᠨ ᠪᠤᠳᠤᠭ ᠤᠨ ᠵᠢᠷᠤᠭ ᠤᠨ ᠨᠠᠷᠠᠲᠤ ᠵᠢᠷᠤᠭᠴᠢᠳ ᠰᠢᠷᠬᠤᠰᠤᠨ ᠳᠤ ᠬᠦᠨᠵᠡᠭᠡᠶᠢᠷᠡᠬᠦ ᠵᠢᠴᠢ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠰᠣᠷᠪᠤᠯᠵᠢᠯᠠᠨ ᠵᠣᠬᠢᠶᠠᠨ ᠪᠦᠲᠦᠭᠡᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠰᠢᠷᠬᠤᠰᠣ ᠪᠠᠭᠤᠷᠢ ᠶᠢᠨ ᠮᠦᠽᠸᠢ ᠳᠤ ᠶᠠᠪᠤᠭᠳᠠᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠬᠦᠯᠡᠭᠴᠢ ᠬᠤᠸ ᠸᠧᠢ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠬᠦᠯᠡᠭᠴᠢ ᠰᠢᠶᠧ ᠰᠢᠶᠣᠣ ᠵᠢᠶᠦ᠋ᠨ᠂ ᠤᠮᠠᠷᠠᠲᠤ ᠶᠢᠨ ᠲᠣᠰᠣᠨ ᠪᠤᠳᠤᠭ ᠤᠨ ᠵᠢᠷᠤᠭ ᠤᠨ ᠬᠦᠷᠢᠶᠡᠯᠡᠩ ᠤᠨ ᠳᠠᠷᠤᠭ᠎ᠠ ᡂᠢ ᠯᠢᠶᠠᠨ ᠴᠧᠩ᠂ ᠣᠷᠳᠣᠰ ᠬᠤᠲᠠ ᠶᠢᠨ ᠤᠷᠠᠨ ᠵᠢᠷᠤᠭᠴᠢᠳ ᠤᠨ ᠡᠪᠯᠡᠯ ᠤᠨ ᠲᠡᠷᠢᠭᠦᠯᠡᠭᠴᠢ ᠯᠦ ᠪᠢᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠷᠬᠤᠰᠣᠨ ᠭᠤᠣᠯ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠪᠠ ᠬᠦᠭᠵᠢᠬᠦᠯᠦᠯᠲᠡ ᠶᠢᠨ ᠲᠥᠪ ᠵᠢᠴᠢ ᠬᠤᠰᠢᠭᠤ ᠤᠷᠠᠨ ᠵᠢᠷᠤᠭᠴᠢᠳ ᠤᠨ ᠡᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
1.png    
      ᠶᠣᠰᠣᠯᠠᠯ ᠨᠢ ᠮᠣᠷᠢᠨ ᠬᠤᠭᠤᠷ ᠤᠨ ᠠᠶᠠᠯᠭᠤᠨ ᠤ ᠳᠤᠮᠳᠠ ᠬᠥᠰᠢᠭᠡ ᠪᠠᠨ ᠰᠡᠬᠦᠪᠡ᠃ ᠰᠢᠶᠧ ᠰᠢᠶᠣᠣ ᠵᠢᠶᠦ᠋ᠨ ᠪᠠᠶᠠᠷ ᠤᠨ ᠶᠠᠷᠢᠶᠠᠨ ᠳᠠᠭᠠᠨ᠂ ᠰᠢᠷᠬᠤᠰᠣ ᠶᠢᠨ ᠥᠩᠭᠡ ᠦᠵᠡᠮᠵᠢ ᠭᠤᠶᠢᠲᠠ ᠰᠠᠶᠢᠬᠠᠨ ᠪᠠᠶᠢᠳᠠᠭ᠃ ᠵᠢᠷᠤᠭᠴᠢᠨ ᠪᠠᠭᠰᠢ ᠨᠠᠷ ᠤᠨ ᠦᠦᠰᠢᠨ ᠤ ᠦᠵᠡᠮᠵᠢ᠂ ᠰᠣᠶᠣᠯ᠂ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ ᠵᠣᠬᠢᠶᠠᠨ ᠪᠦᠲᠦᠭᠡᠯᠭᠡ ᠶᠢᠨ ᠭᠤᠣᠯ ᠰᠡᠳᠦᠪ ᠢᠶᠠᠨ ᠲᠣᠭᠳᠠᠭᠠᠨ ᠤᠷᠠᠨ ᠰᠡᠳᠬᠢᠬᠦᠢ᠂ ᠭᠠᠷᠮᠠᠭᠠᠢ ᠠᠪᠢᠶᠠᠰ ᠴᠢᠳᠠᠪᠤᠷᠢ ᠪᠠᠷ ᠢᠶᠠᠨ ᠦᠦᠰᠢᠨ ᠤ ᠰᠣᠶᠣᠯ ᠪᠤᠯᠪᠠᠰᠣᠨ ᠭᠤᠸ᠎ᠠ ᠰᠠᠶᠢᠬᠠᠨ ᠢ ᠣᠷᠠᠨ ᠵᠢᠷᠤᠭ ᠢᠶᠠᠷ ᠢᠶᠠᠨ ᠠᠮᠢᠯᠠᠭᠤᠯᠵᠤ ︽ᠪᠣᠷᠣᠳᠣᠬᠤᠢ ᠬᠥᠮᠥᠨ︾ ᠤ ᠰᠣᠶᠣᠯ ᠂ ︽ᠪᠣᠷᠣᠳᠣᠬᠤᠢ ᠬᠥᠮᠥᠨ︾ ᠤ ᠦᠯᠢᠭᠡᠷ ᠢ ᠣᠷᠠᠨ ᠵᠢᠷᠤᠭ ᠤᠨ ᠪᠦᠲᠦᠭᠡᠯ ᠢᠶᠠᠷ ᠢᠶᠠᠨ ᠬᠦᠥᠷᠨᠢᠨ ᠨᠡᠩ ᠣᠯᠠᠨ ᠬᠦᠮᠦᠰ ᠲᠤ ᠦᠥᠰᠢᠨ ᠨᠤᠲᠤᠭ ᠢ ᠲᠠᠨᠢᠯᠴᠠᠭᠤᠯᠬᠤ ᠶᠢ ᠬᠦᠰᠡᠵᠦ ᠪᠠᠶᠢᠨ᠎ᠠ ᠭᠡᠵᠡᠢ᠃
2.jpg   
      ᠤᠮᠠᠷᠠᠲᠤ ᠶᠢᠨ ᠲᠣᠰᠣᠨ ᠪᠤᠳᠤᠭ ᠤᠨ ᠵᠢᠷᠤᠭ ᠤᠨ ᠬᠦᠷᠢᠶᠡᠯᠡᠩ ᠤᠨ ᠯᠥᠸᠧ ᠭᠧᠨ ᠰᠢᠩ ᠪᠠᠭᠰᠢ ᠲᠤᠰ ᠤᠳᠠᠭᠠᠨ ᠤ ᠵᠣᠬᠢᠶᠠᠨ ᠪᠦᠲᠦᠭᠡᠯᠭᠡ ᠶᠢᠨ ᠠᠵᠢᠯᠯᠠᠭ᠎ᠠ ᠳᠤ ᠣᠷᠣᠯᠴᠠᠭᠰᠠᠨ ᠪᠦᠬᠦ ᠪᠠᠭᠰᠢ ᠨᠠᠷ ᠢ ᠲᠦᠯᠦᠭᠡᠯᠡᠵᠦ ᠶᠠᠷᠢᠶ᠎ᠠ ᠲᠠᠯᠪᠢᠵᠠᠢ᠃      ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠬᠤᠤ ᠸᠧᠢ ᠵᠣᠬᠢᠶᠠᠨ ᠪᠦᠲᠦᠭᠡᠬᠦ ᠠᠵᠢᠯ ᠵᠢᠩᠬᠢᠨᠢ ᠪᠠᠷ ᠡᠬᠢᠯᠡᠭᠰᠡᠨ ᠢ ᠵᠠᠷᠯᠠᠪᠠ᠃
3.png   
      ᠲᠤᠰ ᠤᠳᠠᠭ᠎ᠠ ᠶᠢᠨ ᠵᠣᠬᠢᠶᠠᠨ ᠪᠦᠲᠦᠭᠡᠯᠭᠡ ᠶᠢᠨ ᠠᠵᠢᠯᠯᠠᠭ᠎ᠠ ᠨᠢ ᠰᠢᠷᠬᠤᠰᠣ ᠪᠠᠭᠤᠷᠢ ᠶᠢᠨ ᠮᠦᠽᠸᠢ ᠶᠢ ᠰᠤᠳᠤᠯᠤᠨ ᠬᠠᠮᠠᠭᠠᠯᠠᠬᠤ ᠠᠵᠢᠯ ᠢ ᠭᠦᠢᠴᠡᠳ ᠨᠤᠲᠠᠯᠠᠭᠰᠠᠨ ᠢᠶᠠᠷ ᠪᠠᠷᠠᠬᠤ ᠦᠭᠡᠢ᠂ ᠨᠡᠩ ᠴᠤ ︽ᠪᠣᠷᠣᠳᠣᠬᠤᠢ ᠬᠥᠮᠥᠨ︾ ᠢ ᠰᠤᠳᠤᠯᠤᠨ ᠬᠠᠮᠠᠭᠠᠯᠠᠬᠤ᠂ ᠨᠡᠷ᠎ᠡ ᠠᠯᠳᠠᠷᠰᠢᠯ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠪᠠᠶᠢᠨ᠎ᠠ᠃ ᠡᠬᠢᠯᠡᠯᠲᠡ ᠶᠢᠨ ᠶᠣᠰᠣᠯᠠᠯ ᠤᠨ ᠳᠠᠷᠠᠭ᠎ᠠ ᠪᠤᠷᠤ ᠮᠠᠲ᠋ᠧᠷᠢᠶᠠᠯ ᠴᠤᠭᠯᠠᠭᠤᠯᠬᠤ ᠠᠵᠢᠯᠯᠠᠭ᠎ᠠ ᠳᠤ ᠣᠷᠣᠯᠴᠠᠭᠰᠠᠨ ᠲᠣᠰᠣᠨ ᠪᠤᠳᠤᠭ ᠤᠨ ᠵᠢᠷᠤᠭ ᠤᠨ ᠨᠠᠷᠠᠲᠤ ᠵᠢᠷᠤᠭᠴᠢᠳ ᠰᠢᠷᠬᠤᠰᠣ ᠶᠢᠨ ᠭᠤᠶᠣ ᠦᠵᠡᠮᠵᠢ ᠶᠢ ᠰᠣᠨᠢᠷᠬᠠᠬᠤ ᠶᠢᠨ ᠬᠠᠮᠲᠤ ᠵᠣᠬᠢᠶᠠᠨ ᠪᠦᠲᠦᠭᠡᠯᠭᠡ ᠶᠢᠨ ᠠᠵᠢᠯᠯᠠᠭ᠎ᠠ ᠪᠠᠨ ᠦᠷᠨᠢᠬᠦᠯᠦᠭᠰᠡᠨ ᠪᠠᠶᠢᠨ᠎ᠠ᠃                                  ᠰᠣᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠭᠦᠸᠧ ᠵᠢᠶ᠋ᠨ ᠳ᠋ᠦᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ