ᠭᠠᠯᠠᠭᠤᠲᠤ ᠪᠠᠯᠭᠠᠰᠤᠨ ᠤ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠠᠨ ᠬᠠᠶᠠᠭ᠎ᠠ ᠬᠠᠶᠠᠭ᠎ᠠ ᠪᠠᠨ ᠲᠦᠰᠢᠯᠴᠡᠭᠦ︾ ᠠᠶᠢᠯ ᠰᠠᠭᠠᠬᠠᠯᠳᠠ ᠶᠢᠨ ᠪᠠᠶᠠᠷ ᠴᠤᠭᠯᠠᠭᠠᠨ ᠤ ᠡᠬᠢᠯᠡᠯᠲᠡ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/5/23
      5 ᠰᠠᠷ᠎ᠠ ᠶᠢᠨ 20 ᠤ ᠡᠳᠦᠷ᠂ ᠭᠠᠯᠠᠭᠤᠲᠤ ᠪᠠᠯᠭᠠᠰᠤᠨ ᠤ ︽ᠬᠠᠮᠲᠤ ᠪᠠᠷ ᠪᠠᠶᠠᠵᠢᠤ ᠬᠠᠮᠲᠤ ᠪᠠᠷ ᠡᠳ᠋ᠯᠠᠨ ᠬᠠᠶᠠᠭ᠎ᠠ ᠬᠠᠶᠠᠭ᠎ᠠ ᠪᠠᠨ ᠲᠦᠰᠢᠯᠴᠡᠭᠦ︾ ᠠᠶᠢᠯ ᠰᠠᠭᠠᠬᠠᠯᠳᠠ ᠶᠢᠨ ᠪᠠᠶᠠᠷ ᠴᠤᠭᠯᠠᠭᠠᠨ ᠤ ᠡᠬᠢᠯᠡᠯᠲᠡ ᠶᠢᠨ ᠶᠣᠰᠣᠯᠠᠯ ᠲᠤᠭᠤᠶᠢᠯᠠᠩ ᠠᠭᠤᠳᠠᠮ ᠲᠠᠯᠠᠪᠠᠢ ᠳᠤ ᠶᠠᠪᠤᠭᠳᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠤᠳᠤᠷᠢᠳᠤᠯᠭ᠎ᠠ ᠨᠠᠷ ᠪᠤᠯᠤᠨ ᠬᠤᠯᠪᠤᠭᠳᠠᠯ ᠪᠥᠭᠦᠢ ᠪᠠᠶᠢᠭᠤᠯᠭ᠎ᠠ ᠨᠢᠭᠡᠴᠢ᠂ ᠰᠤᠮᠤ ᠪᠠᠯᠭᠠᠰᠤᠨ ᠤ ᠬᠠᠷᠢᠭᠤᠴᠠᠯᠭᠠᠳᠠᠨ ᠵᠢᠴᠢ ᠥᠷᠭᠡᠨ ᠣᠯᠠᠨ ᠰᠠᠭᠤᠭᠠᠯᠢ ᠠᠷᠠᠳ ᠠᠵᠢᠯᠯᠠᠭ᠎ᠠ ᠳᠤ ᠤᠷᠤᠯᠴᠠᠵᠠᠢ᠃
1.jpg
2.jpg
3.png
      ᠶᠣᠰᠣᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠵᠥᠩ ᠯᠢᠨ ᠶᠠᠷᠢᠶ᠎ᠠ ᠲᠠᠯᠪᠢᠵᠤ ᠭᠡᠯᠡᠭᠦ ᠳᠤ ᠪᠠᠨ᠂ ᠣᠶᠢᠷ᠎ᠠ ᠶᠢᠨ ᠵᠢᠯ ᠠᠴᠠ ᠨᠠᠭᠠᠰᠢ ᠦᠦᠰᠢᠨ ᠬᠤᠰᠢᠭᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠠᠶᠢᠯ ᠰᠠᠭᠠᠬᠠᠯᠳᠠ ᠲᠠᠢ ᠪᠠᠨ ᠰᠠᠶᠢᠬᠠᠨ ᠶᠠᠪᠤᠯᠴᠠᠬᠤ᠂ ᠠᠶᠢᠯ ᠰᠠᠭᠠᠬᠠᠯᠳᠠ ᠲᠠᠢ ᠪᠠᠨ ᠨᠥᠬᠦᠷᠯᠡᠬᠦ ᠲᠤᠬᠠᠢ ᠣᠶᠢᠯᠠᠭᠠᠭᠳᠠᠬᠤᠨ ᠢ ᠭᠦᠨᠵᠡᠭᠡᠶ ᠤᠶᠢᠯᠡᠳᠤᠯᠭᠡᠵᠢᠭᠦᠯᠵᠦ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠨ ᠲᠠᠰᠤᠷᠠᠯᠲᠠ ᠥᠬᠡᠶ ᠠᠷᠭ᠎ᠠ ᠬᠡᠯᠪᠡᠷᠢ ᠪᠠᠨ ᠰᠢᠨᠡᠴᠢᠯᠡᠵᠦ ᠠᠴᠢᠶᠠᠯᠠᠪᠤᠷᠢ ᠪᠠᠨ ᠪᠠᠶᠠᠯᠢᠭᠵᠢᠭᠤᠯᠤᠨ ᠪᠦᠯᠬᠦᠮᠳᠡᠨ ᠬᠠᠪᠰᠤᠷᠤᠯᠴᠠᠭᠰᠠᠨ᠂ ᠪᠣᠯᠪᠠᠰᠤᠨ ᠡᠶ᠎ᠡ ᠨᠠᠶᠢᠷᠠᠮᠳᠠᠭᠤ ᠠᠶᠢᠯ ᠰᠠᠭᠠᠬᠠᠯᠳᠠ ᠶᠢᠨ ᠬᠠᠷᠢᠴᠠᠭ᠎ᠠ ᠶᠢ ᠬᠠᠮᠲᠤ ᠪᠠᠷ ᠪᠠᠶᠢᠭᠤᠯᠵᠤ ᠵᠣᠯ ᠵᠢᠷᠭᠠᠯᠲᠤ ᠠᠮᠢᠳᠤᠷᠠᠯ ᠢ ᠬᠠᠮᠲᠤ ᠪᠠᠷ ᠴᠤᠭᠴᠠᠯᠠᠭᠰᠠᠭᠠᠷ ᠢᠷᠡᠵᠡᠢ᠃ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠠᠨ ᠬᠠᠶᠠᠭ᠎ᠠ ᠬᠠᠶᠠᠭ᠎ᠠ ᠪᠠᠨ ᠲᠦᠰᠢᠯᠴᠡᠭᠦ︾ ᠠᠶᠢᠯ ᠰᠠᠭᠠᠬᠠᠯᠳᠠ ᠶᠢᠨ ᠪᠠᠶᠠᠷ ᠴᠤᠭᠯᠠᠭᠠᠨ ᠢ ᠡᠷᠬᠢᠯᠡᠭᠰᠡᠨ ᠨᠢ ᠥᠷᠭᠡᠨ ᠤᠯᠠᠨ ᠰᠠᠭᠤᠭᠠᠯᠢ ᠠᠷᠠᠳ ᠤᠨ ᠬᠤᠭᠤᠷᠤᠨᠳᠤᠭᠢ ᠬᠠᠶᠢᠷ᠎ᠠ ᠰᠡᠳᠬᠢᠯᠭᠡ ᠶᠢ ᠨᠡᠮᠡᠭᠳᠡᠭᠦᠯᠦᠨ ᠬᠠᠷᠢᠯᠴᠠᠨ ᠬᠠᠪᠰᠤᠷᠤᠯᠴᠠᠬᠤ ᠲᠡᠪᠴᠠᠩ ᠢ ᠬᠠᠩᠭᠠᠬᠤ ᠶᠢᠨ ᠲᠥᠯᠦᠭᠡ ᠶᠤᠮ᠃ ᠭᠠᠯᠠᠭᠤᠲᠤ ᠪᠠᠯᠭᠠᠰᠤ ᠠᠵᠢᠯ ᠤᠨ ᠰᠡᠳᠬᠢᠴᠡ ᠪᠠᠨ ᠤᠯᠠᠮ ᠰᠢᠨᠠᠴᠢᠯᠠᠨ ᠢᠳᠡᠪᠬᠢᠲᠡᠶ ᠰᠦᠪᠡᠭᠴᠢᠯᠡᠨ ᠤᠶᠢᠯᠡᠳᠤᠯᠭᠡᠵᠢᠭᠦᠯᠵᠦ ︽ᠬᠠᠮᠲᠤ ᠪᠠᠷ ᠪᠠᠶᠠᠵᠢᠵᠤ ᠬᠠᠮᠳᠤ ᠪᠠᠷ ᠡᠳ᠋ᠯᠡᠨ ᠬᠠᠶᠠᠭ᠎ᠠ ᠬᠠᠶᠠᠭ᠎ᠠ ᠪᠠᠨ ᠲᠦᠰᠢᠯᠴᠡᠭᠦ︾ ᠠᠵᠢᠯ ᠢ ᠰᠠᠶᠢᠲᠤᠷ ᠬᠢᠵᠦ ︽ᠬᠠᠮᠲᠤ ᠪᠠᠷ ᠪᠠᠶᠠᠵᠢᠵᠤ ᠬᠠᠮᠳᠤ ᠪᠠᠷ ᠡᠳ᠋ᠯᠡᠨ ᠬᠠᠶᠠᠭ᠎ᠠ ᠬᠠᠶᠠᠭ᠎ᠠ ᠪᠠᠨ ᠲᠦᠰᠢᠯᠴᠡᠭᠦ︾ ᠰᠣᠶᠣᠯ ᠤᠨ ᠨᠡᠷᠡᠲᠤ ᠲᠡᠮᠳᠡᠭ ᠢ ᠡᠭᠦᠳᠴᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠠᠶᠢᠯ ᠰᠠᠭᠠᠬᠠᠯᠳᠠ ᠶᠢᠨ ᠬᠤᠭᠤᠷᠤᠨᠳᠤᠭᠢ ᠨᠦᠬᠦᠷᠰᠡᠭ ᠬᠠᠷᠢᠴᠠᠭ᠎ᠠ ᠶᠢ ᠪᠤᠢ ᠪᠤᠯᠭᠠᠬᠤ᠂ ᠣᠳᠣᠬᠢᠴᠢᠯᠠᠭᠰᠠᠨ ᠨᠡᠶᠢᠭᠡᠮ ᠲᠣᠭᠤᠷᠢᠭ ᠢ ᠪᠦᠲᠦᠭᠡᠨ ᠪᠠᠶᠢᠭᠤᠯᠬᠤ ᠲᠠᠯ᠎ᠠ ᠪᠠᠷ ᠢᠳᠡᠪᠬᠢᠲᠡᠶ ᠰᠦᠪᠡᠭᠴᠢᠯᠡᠵᠦ ᠦᠷᠭᠡᠨ ᠤᠯᠠᠨ ᠰᠠᠭᠤᠭᠠᠯᠢ ᠠᠷᠠᠳ ᠠᠵᠢᠯᠯᠠᠭ᠎ᠠ ᠳᠤ ᠢᠳᠡᠪᠭᠢᠯᠠᠨ ᠣᠷᠣᠯᠴᠠᠬᠤ ᠶᠢᠨ ᠬᠠᠮᠲᠤ ᠭᠠᠵᠠᠷ ᠣᠷᠣᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠦᠴᠦᠨ ᠴᠢᠳᠠᠯ ᠢᠶᠠᠨ ᠡᠷᠭᠦᠭᠦ ᠶᠢ ᠭᠥᠰᠡᠵᠤ ᠪᠠᠶᠢᠨ᠎ᠠ ᠭᠡᠵᠡᠢ᠃
7.jpg
8.jpg
9.jpg
10.jpg
      ᠣᠶᠢᠯᠠᠭᠠᠭᠰᠠᠨ ᠢᠶᠠᠷ᠂ ᠡᠨᠡ ᠤᠳᠠᠭᠠᠨ ᠤ ︽ᠬᠠᠮᠲᠤ ᠪᠠᠷ ᠪᠠᠶᠠᠵᠢᠤ ᠬᠠᠮᠲᠤ ᠪᠠᠷ ᠡᠳ᠋ᠯᠠᠨ ᠬᠠᠶᠠᠭ᠎ᠠ ᠬᠠᠶᠠᠭ᠎ᠠ ᠪᠠᠨ ᠲᠦᠰᠢᠯᠴᠡᠭᠦ︾ ᠠᠶᠢᠯ ᠰᠠᠭᠠᠬᠠᠯᠳᠠ ᠶᠢᠨ ᠪᠠᠶᠠᠷ ᠴᠤᠭᠯᠠᠭᠠᠨ ᠢ 1 ᠭᠤᠤᠯ ᠲᠠᠯᠠᠪᠠᠶ᠂ 7 ᠬᠤᠪᠢᠶᠠᠷᠢ ᠲᠠᠯᠠᠪᠠᠶ ᠭᠠᠷᠭᠠᠨ 9 ᠡᠳᠦᠷ ᠤᠨ ᠬᠤᠭᠤᠴᠠᠭ᠎ᠠ ᠲᠠᠢ ᠶᠠᠪᠤᠭᠳᠠᠭᠤᠯᠬᠤ ᠪᠠᠷ ᠪᠠᠶᠢᠨ᠎ᠠ᠃                                ᠰᠤᠷᠪᠤᠯᠵᠢᠯᠠᠭᠴᠢ᠄ ᠰᠤᠯᠤᠩᠭ᠎ᠠ  ᠪᠤᠶᠠᠨᠳᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ