ᠭᠠᠯᠠᠭᠤᠲᠤ ᠪᠠᠯᠭᠠᠰᠤ ᠠᠩᠬᠠᠳᠤᠭᠠᠷ ᠤᠳᠠᠭᠠᠨ ᠤ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠠᠨ ᠡᠬᠡᠰᠢᠭᠳᠦ ᠲᠠᠭᠤᠤ ᠪᠠᠨ ᠬᠠᠩᠬᠢᠨᠠᠭᠤᠯᠤᠨ ᠴᠤᠤᠷᠢᠶᠠᠳᠤᠭᠤᠯᠤᠶ᠎ᠡ︾ ᠭᠡᠭᠦ ᠲᠠᠭᠤᠨ ᠤ ᠤᠷᠤᠯᠳᠤᠭᠠᠨ ᠢ ᠶᠠᠪᠤᠭᠳᠠᠭᠤᠯᠤᠯ᠎ᠠ
ᠨᠡᠶᠢᠲᠡᠯᠡᠭᠰᠡᠨ ᠴᠠᠭ᠄
2023/5/23
      ᠤᠶᠢᠷ᠎ᠠ ᠶᠢᠨ ᠡᠳᠤᠷ᠂ ᠭᠠᠯᠠᠭᠤᠲᠤ ᠪᠠᠯᠭᠠᠰᠤ ᠠᠩᠬᠠᠳᠤᠭᠠᠷ ᠤᠳᠠᠭᠠᠨ ᠤ ︽ᠬᠠᠮᠲᠤ ᠪᠠᠷ ᠪᠠᠶᠠᠵᠢᠵᠤ ᠬᠠᠮᠲᠤ ᠪᠠᠷ ᠡᠳ᠋ᠯᠠᠨ ᠡᠬᠡᠰᠢᠭᠳᠦ ᠲᠠᠭᠤᠤ ᠪᠠᠨ ᠬᠠᠩᠬᠢᠨᠠᠭᠤᠯᠤᠨ ᠴᠤᠤᠷᠢᠶᠠᠳᠤᠭᠤᠯᠤᠶ᠎ᠡ︾ ᠭᠡᠭᠦ ᠭᠠᠴᠠᠭ᠎ᠠ ᠲᠤᠰᠬᠤᠨ ᠨᠡᠶᠢᠭᠡᠮ ᠲᠤᠭᠤᠷᠢᠭ ᠤᠨ ᠲᠠᠭᠤᠨ ᠤ ᠤᠷᠤᠯᠳᠤᠭᠠᠨ ᠢ ᠡᠷᠬᠢᠯᠡᠨ ᠶᠠᠪᠤᠭᠳᠠᠭᠤᠯᠵᠤ᠂ ᠤᠷᠤᠨ ᠨᠣᠳᠤᠭ ᠤᠨ ᠢᠶᠠᠨ ᠬᠦᠭᠵᠢᠯᠳᠡ ᠬᠤᠪᠢᠷᠠᠯᠳᠠ᠂ ᠠᠷᠡᠳ ᠤᠯᠠᠨ ᠤ ᠪᠠᠨ ᠠᠮᠢᠳᠤᠷᠠᠯ ᠤᠨ ᠰᠠᠶᠢᠨ ᠰᠠᠶᠢᠬᠠᠨ ᠢ ᠮᠠᠭᠳᠠᠨ ᠲᠠᠭᠤᠯᠠᠯ᠎ᠠ᠃
1.jpg
2.jpg
3.jpg
      ᠤᠷᠤᠯᠳᠤᠭᠠᠨ ᠳᠤ᠂ ᠭᠠᠯᠠᠭᠤᠳᠤ ᠪᠠᠯᠭᠠᠰᠤᠨ ᠤ ᠬᠦᠭᠡᠨᠡᠭᠤᠷ ᠭᠠᠴᠠᠭ᠎ᠠ᠂ ᠰᠠᠷᠠᠭᠤᠯᠨᠤᠳᠤᠭ ᠭᠠᠴᠠᠭ᠎ᠠ᠂ ᠬᠦᠭᠡᠳᠤᠯᠤᠭᠠᠢ ᠭᠠᠴᠠᠭ᠎ᠠ᠂ ᠪᠤᠵᠠᠢ ᠭᠠᠴᠠᠭ᠎ᠠ᠂ ᠮᠣᠳᠤᠨᠴᠠᠶᠢᠳᠠᠮ ᠲᠤᠰᠬᠤᠨ᠂ ᠰᠠᠰᠡ ᠶᠢᠨ ᠴᠠᠶᠢᠳᠠᠮ ᠲᠤᠰᠬᠤᠨ᠂ ᠨᠡᠨᠳᠢᠨ ᠨᠡᠶᠢᠭᠡᠮ ᠲᠤᠭᠤᠷᠢᠭ᠂ ᠰᠤᠪᠤᠷᠭ᠎ᠠ ᠨᠡᠶᠢᠭᠡᠮ ᠲᠤᠭᠤᠷᠢᠭ ᠵᠡᠷᠭᠡ 16 ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠦᠪᠡᠷ ᠦᠪᠡᠷ ᠤᠨ ᠤᠨᠴᠠᠯᠢᠭ ᠲᠠᠢ ᠲᠠᠭᠤᠤ ᠪᠠᠨ ᠳᠠᠭᠤᠯᠠᠵᠤ᠂ ᠤᠶᠠᠩᠭᠠᠳᠤ ᠲᠠᠭᠤᠤ ᠪᠠᠷ ᠢᠶᠠᠨ ᠤᠷᠤᠨ ᠨᠣᠳᠤᠭ ᠢᠶᠠᠨ ᠮᠠᠭᠲᠠᠨ ᠳᠠᠭᠤᠯᠠᠵᠤ ᠨᠠᠩ ᠤᠯᠠᠨ ᠬᠦᠮᠦᠰ ᠲᠤ ᠨᠤᠲᠤᠭ ᠤᠰᠤ ᠪᠠᠨ ᠰᠤᠷᠳᠠᠯᠴᠢᠯᠠᠨ ᠤᠬᠠᠭᠤᠯᠤᠭᠰᠠᠨ ᠪᠠᠶᠢᠨ᠎ᠠ᠃
4.jpg
5.jpg
6.jpg
      ᠤᠷᠤᠯᠳᠤᠭᠠᠨ ᠢᠶᠠᠷ ᠳᠠᠮᠵᠢᠨ ᠪᠤᠵᠠᠢ ᠭᠠᠴᠠᠭᠠᠨ ᠤ ᠦᠡᠭᠭᠡ ᠦᠵᠡᠮᠵᠢ᠂ ᠮᠠᠯᠴᠢᠨ ᠲᠠᠷᠢᠶᠠᠴᠢᠨ ᠤ ᠴᠢᠨᠡᠭᠡᠯᠢᠭ ᠠᠮᠢᠳᠤᠷᠠᠯ ᠤᠨ ᠵᠢᠷᠤᠭᠯᠠᠯ᠂ ᠴᠠᠭ ᠦᠶ᠎ᠡ ᠶᠢᠨ ᠬᠤᠪᠢᠷᠠᠯᠲᠠ ᠵᠡᠷᠭᠡ ᠶᠢ ᠬᠠᠷᠠᠭᠤᠯᠤᠭᠰᠠᠨ ︽ᠦᠯᠥᠭᠡᠢ ᠨᠣᠳᠤᠭ ᠢᠶᠠᠨ ᠮᠠᠭᠳᠠᠨ ᠲᠠᠭᠤᠯᠠᠶ᠎ᠠ︾ ᠭᠡᠭᠦ ᠲᠠᠭᠤᠤ ᠨᠢ ᠨᠢᠭᠡᠳᠤᠭᠡᠷ ᠲᠠᠰ ᠲᠤ ᠲᠤᠳᠤᠷᠠᠵᠤ ᠂ ᠮᠠᠯᠴᠢᠨ ᠲᠦᠮᠡᠨ ᠨᠠᠮ ᠤᠨ ᠠᠴᠢ ᠳᠤ ᠲᠠᠯᠠᠷᠬᠠᠵᠤ ᠦᠷᠭᠦᠯᠵᠢᠯᠠᠨ ᠡᠷᠡᠮᠡᠬᠡᠶᠢᠯᠡᠨ ᠤᠷᠤᠭᠰᠢᠯᠠᠬᠤ ᠢᠳᠡᠬᠡᠯ ᠵᠣᠷᠢᠭ ᠢ ᠬᠦᠪᠴᠢᠯᠡᠭᠰᠡᠨ ᠪᠠᠶᠢᠨ᠎ᠠ ᠃
7.jpg
7.png
8.png
                                                         ᠰᠤᠷᠪᠤᠯᠵᠢᠯᠠᠭᠴᠢ᠄ ᠪᠤᠶᠠᠨᠳᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ