ᠦᠦᠰᠢᠨ ᠬᠤᠰᠢᠭᠤᠨ ᠤ 2023 ᠣᠨ ᠤ ᠨᠢᠭᠡᠳᠦᠬᠡᠷ ᠤᠯᠠᠷᠢᠯ ᠤᠨ ᠠᠵᠤ ᠠᠬᠤᠢ ᠶᠢᠨ ᠡᠷᠬᠢᠯᠲᠡ ᠶᠢᠨ ᠪᠠᠶᠢᠳᠠᠯ —— ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ 
ᠨᠡᠶᠢᠲᠡᠯᠡᠭᠰᠡᠨ ᠴᠠᠭ᠄
2023/5/23
      ᠨᠢᠭᠡᠳᠦᠬᠡᠷ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ︔ 3 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1% ᠪᠠᠷ ᠪᠠᠭᠤᠷᠠᠪᠠ᠃ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠲᠡᠭ 207.98 ᠳ᠋ᠥᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.84% ᠪᠠᠷ ᠪᠠᠭᠤᠷᠠᠪᠠ᠃ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠤᠷᠮ᠎ᠠ 99.5% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ 3 ᠳ᠋ᠤᠭᠠᠷ ᠰᠠᠷ᠎ᠠ ᠶᠢᠨ ᠲᠤᠰ ᠰᠠᠷ᠎ᠠ ᠶᠢᠨ ᠦᠢᠯᠡᠳᠬᠦᠨ ᠤ ᠥᠷᠲᠡᠭ 100.9% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠤᠨ ᠪᠡᠶᠡᠯᠡᠬᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 23.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 38% ᠪᠠᠷ ᠪᠠᠭᠤᠷᠠᠪᠠ᠃      ᠨᠢᠭᠡᠳᠦᠬᠡᠷ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠠᠵᠢᠯ ᠲᠦᠷᠦᠯ ᠤᠨ ᠲᠥᠷᠥᠯ ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠨᠢ 5.8% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ 8.9% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ 3.9% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ 10.9% ᠪᠠᠷ ᠨᠡᠮᠡᠭᠳᠡᠪᠡ᠃ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ 15.1% ᠪᠠᠷ ᠪᠠᠭᠤᠷᠠᠪᠠ᠃ ᠬᠦᠨᠳᠦ ᠬᠥᠩᠭᠡᠨ ᠠᠵᠤ ᠦᠢᠯᠡᠳᠪᠦᠷᠢ ᠪᠠᠷ ᠬᠤᠪᠢᠶᠠᠪᠠᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 32.5% ᠪᠠᠷ ᠪᠠᠭᠤᠷᠠᠵᠤ᠂ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ 4.17% ᠪᠠᠷ ᠪᠠᠭᠤᠷᠠᠪᠠ᠃ ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ᠄ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 2.18% ᠪᠠᠷ ᠪᠠᠭᠤᠷᠠᠪᠠ︔ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 20.05% ᠪᠠᠷ ᠪᠠᠭᠤᠷᠠᠪᠠ︔ ᠬᠤᠪᠢ ᠣᠷᠤᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ 4.08% ᠪᠠᠷ ᠪᠠᠭᠤᠷᠠᠪᠠ᠃ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ 7.89% ᠪᠠᠷ ᠪᠠᠭᠤᠷᠠᠪᠠ᠃       ᠨᠢᠭᠡᠳᠦᠬᠡᠷ ᠤᠯᠠᠷᠢᠯ ᠤᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ᠄ ᠪᠠᠶᠢᠭᠠᠯᠢ ᠶᠢᠨ ᠰᠢᠲᠠᠮᠠᠬᠠᠢ ᠬᠡᠢ 42.38 ᠳ᠋ᠦᠩᠰᠢᠭᠤᠷ ᠳᠡᠭᠰᠢ ᠲᠦᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.69% ᠪᠠᠷ ᠨᠡᠮᠡᠭᠳᠡᠪᠡ︔ ᠨᠡᠭᠦᠷᠡᠰᠦ 1037.71 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.98% ᠢᠶᠠᠷ ᠪᠠᠭᠤᠷᠠᠪᠠ︔ ᠨᠠᠷᠢᠯᠢᠭ ᠮᠧᠲ᠋ᠢᠯ ᠠᠯᠺᠣᠣᠯ 166.28 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.44% ᠪᠠᠷ ᠪᠠᠭᠤᠷᠠᠪᠠ︔ ᠰᠢᠩᠭᠡᠨᠵᠢᠭᠦᠯᠦᠭᠰᠡᠨ ᠪᠠᠶᠢᠭᠠᠯᠢ ᠶᠢᠨ ᠰᠢᠲᠠᠮᠠᠬᠠᠢ ᠬᠡᠢ 21.37 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.18% ᠪᠠᠷ ᠪᠠᠭᠤᠷᠠᠪᠠ︔ ᠰᠢᠭᠡᠰᠦᠯᠢᠭ ᠡᠳ᠋ 72.57 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.59% ᠪᠠᠷ ᠪᠠᠭᠤᠷᠠᠪᠠ︔ ᠪᠥᠭᠡᠭᠡᠨᠡᠷᠡᠯ ᠡᠲ᠋ᠧᠨ 26.19 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.15% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 27.11 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.38% ᠪᠠᠷ ᠪᠠᠭᠤᠷᠠᠪᠠ᠃ ᠴᠠᠬᠢᠯᠭᠠᠨ ᠬᠡᠷᠡᠭᠯᠡᠭᠰᠡᠨ ᠬᠡᠮᠵᠢᠶ᠎ᠡ 7.35 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.86% ᠪᠠᠷ ᠨᠡᠮᠡᠭᠳᠡᠪᠡ᠃
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ