ᠲᠣᠭᠤᠭᠠᠲᠤ ᠨᠡᠭᠦᠷᠡᠰᠦᠨ ᠠᠭᠤᠷᠬᠠᠢ ᠵᠢᠩᠬᠢᠨᠢ ᠪᠠᠷ ᠪᠠᠷᠢᠯᠭ᠎ᠠ ᠪᠠᠨ ᠡᠭᠢᠯᠠᠭᠦᠯᠪᠡ
ᠨᠡᠶᠢᠲᠡᠯᠡᠭᠰᠡᠨ ᠴᠠᠭ᠄
2023/5/23
      5 ᠰᠠᠷ᠎ᠠ ᠶᠢᠨ 18 ᠤ ᠡᠳᠦᠷ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠪᠠᠷ ᠵᠢᠯ ᠳᠤ 800 ᠲᠦᠮᠡᠨ ᠲᠣᠨ ᠪᠦᠬᠦᠢ ᠣᠷᠳᠣᠰ ᠬᠤᠲᠠ ᠶᠢᠨ ᠴᠧᠩ ᠳ᠋ᠡ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠲᠣᠭᠤᠭᠠᠲᠤ ᠨᠡᠭᠦᠷᠡᠰᠦᠨ ᠠᠭᠤᠷᠬᠠᠢ ᠨᠠᠷᠢᠠᠭᠤᠤᠯ ᠤᠨ ᠠᠭᠤᠷᠬᠠᠢ ᠶᠢᠨ ᠣᠷᠣᠨ ᠳᠤ ᠵᠢᠩᠬᠢᠨᠢ ᠪᠠᠷ ᠪᠠᠷᠢᠯᠭ᠎ᠠ ᠪᠠᠨ ᠡᠬᠢᠯᠡᠭᠦᠯᠪᠡ᠃
1.jpg
7.jpg
       ᠣᠷᠳᠣᠰ ᠬᠤᠲᠠ ᠶᠢᠨ ᠴᠧᠩ ᠳ᠋ᠡ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ 2010 ᠣᠨ ᠳᠤ ᠪᠠᠶᠢᠭᠤᠯᠤᠭᠳᠠᠵᠤ᠂ ᠬᠤᠸᠠᠶᠢᠪᠸᠢ ᠠᠭᠤᠷᠬᠠᠢ ᠶᠢᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠴᠢ ᠷᠦᠢ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠡᠨᠧᠷᠭᠢ ᠶᠢᠨ ᠪᠡᠯᠡ ᠣᠷᠤᠭᠤᠯᠤᠯᠲᠠ ᠶᠢᠨ ᠨᠡᠭᠡᠭᠡᠨ ᠬᠥᠭᠵᠢᠭᠦᠯᠤᠯᠲᠡ ᠶᠢᠨ ᠬᠢᠵᠠᠭᠠᠷᠲᠤ ᠺᠣᠮᠫᠠᠨᠢ ᠠᠴᠠ ᠬᠠᠮᠲᠤᠪᠠᠷ ᠬᠤᠪᠢ ᠡᠵᠡᠮᠳᠡᠵᠦ ᠭᠤᠣᠯᠳᠠᠭᠤ ᠣᠷᠳᠣᠰ ᠬᠤᠲᠠ ᠶᠢᠨ ᠨᠠᠷᠢᠠᠭᠤᠤᠯ ᠤᠨ ᠠᠭᠤᠷᠬᠠᠢ ᠶᠢᠨ ᠣᠷᠣᠨ ᠤ ᠲᠣᠭᠤᠭᠠᠲᠤ ᠠᠭᠤᠷᠬᠠᠢ ᠶᠢᠨ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠪᠤᠯᠤᠨ᠎ᠠ᠃ ᠲᠣᠭᠤᠭᠠᠲᠤ ᠠᠭᠤᠷᠬᠠᠢ ᠶᠢᠨ ᠬᠤᠳᠳᠤᠭ ᠤᠨ ᠶᠡᠷᠦᠩᠬᠡᠢ ᠡᠬᠢ ᠪᠠᠶᠠᠯᠢᠭ ᠤᠨ ᠬᠠᠳᠠᠭᠠᠯᠠᠭᠳᠠᠴᠠ ᠨᠢ 14.29 ᠳ᠋ᠦᠩᠰᠢᠭᠤᠷ ᠲᠣᠨ ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠵᠢᠯ ᠳᠤ 800 ᠲᠦᠮᠡᠨ ᠲᠣᠨ ᠳᠤ ᠬᠦᠷᠴᠦ᠂ ᠠᠳᠠᠯᠢ ᠬᠡᠪᠴᠢᠶᠡᠨ ᠤ ᠨᠡᠭᠦᠷᠡᠰᠦ ᠰᠢᠯᠢᠬᠦ ᠦᠢᠯᠡᠳᠪᠦᠷᠢ ᠶᠢ ᠢᠵᠢ ᠪᠦᠷᠢᠳᠦᠭᠦᠯᠦᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠶᠡᠷᠦᠩᠬᠡᠢ ᠪᠡᠯᠡ ᠣᠷᠤᠭᠤᠯᠤᠯᠲᠠ ᠨᠢ ᠪᠠᠷᠤᠭ 96.67 ᠳ᠋ᠦᠩᠰᠢᠭᠤᠷ ᠲᠥᠭᠦᠷᠢᠭ ᠲᠤ ᠬᠦᠷᠴᠦ ᠪᠤᠢ᠃     ᠰᠣᠷᠪᠤᠯᠵᠢᠯᠠᠭᠴᠢ᠄ ᠰᠣᠯᠣᠩᠭ᠎ᠠ᠂ ᠸᠠᠩ ᠰᠢᠶᠤᠤ ᠹᠸᠢ᠂ ᠢᠥᠢ ᠵᠢᠶᠧ ᠮᠧᠩ᠂ ᠡᠾᠧ ᠵᠢᠢ ᠶᠦᠨ᠂ ᠭᠦᠸᠧ ᠵᠢᠶ᠋ᠨ ᠳ᠋ᠦᠩ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ