ᠤᠯᠤᠰ ᠤᠨ ᠨᠢᠭᠡᠳᠦᠯᠳᠠᠢ ᠰᠢᠯᠭᠠᠯᠲᠠ ᠶᠢᠨ ᠴᠠᠭ ᠢ ᠨᠡᠶᠢᠲᠡᠯᠡᠯ᠎ᠡ
ᠨᠡᠶᠢᠲᠡᠯᠡᠭᠰᠡᠨ ᠴᠠᠭ᠄
2023/5/29
      5 ᠰᠠᠷ᠎ᠠ ᠶᠢᠨ 17 ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2023 ᠤᠨ ᠤ ᠡᠩ ᠤᠨ ᠶᠡᠭᠡ ᠳᠡᠭᠡᠲᠤ ᠰᠤᠷᠭᠠᠭᠤᠯᠢ ᠳᠤ ᠰᠤᠷᠤᠭᠴᠢ ᠡᠯᠰᠡᠬᠦ ᠠᠵᠢᠯ ᠤᠨ ᠲᠤᠭᠲᠠᠭᠠᠯ︾ ᠢ ᠨᠡᠶᠢᠲᠡᠯᠡᠵᠤ᠂ ᠡᠩ ᠤᠨ ᠶᠡᠭᠡ ᠳᠡᠭᠡᠲᠤ ᠰᠤᠷᠭᠠᠭᠤᠯᠢ ᠳᠤ ᠰᠤᠷᠤᠭᠴᠢ ᠡᠯᠰᠡᠬᠦ ᠤᠯᠤᠰ ᠤᠨ ᠨᠢᠬᠡᠳᠦᠯᠲᠠᠢ ᠰᠢᠯᠭᠠᠯᠲᠠ ᠶᠢ 6 ᠰᠠᠷ᠎ᠠ ᠶᠢᠨ 7  ᠤ ᠡᠳᠦᠷ ᠠᠴᠠ 8 ᠤ ᠡᠳᠦᠷ ᠪᠤᠯᠲᠠᠯ᠎ᠠ ᠶᠠᠪᠤᠭᠳᠠᠭᠤᠯᠤᠨ᠎ᠠ ᠬᠡᠵᠠᠢ᠃      ᠡᠬᠦᠨ ᠳᠤ᠂ 6 ᠰᠠᠷ᠎ᠠ ᠶᠢᠨ 7 ᠤ ᠡᠳᠦᠷ ᠤᠨ 9᠄ 00 — 11᠄ 30 ᠪᠤᠯᠲᠠᠯ᠎ᠠ ᠬᠡᠯᠡ ᠪᠢᠴᠢᠭ᠂ 15᠄ 00— 17᠄ 00 ᠪᠤᠯᠲᠠᠯ᠎ᠠ ᠲᠤᠭᠠᠨ ᠤ ᠤᠬᠠᠭᠠᠨ ᠤ ᠰᠢᠯᠭᠠᠯᠲᠠ ᠶᠢ ᠳᠤᠬᠢᠷᠠᠭᠤᠯᠤᠨ᠎ᠠ᠃      6 ᠰᠠᠷ᠎ᠠ ᠶᠢᠨ 8 ᠤ ᠡᠳᠦᠷ ᠤᠨ 9᠄ 00 — 11᠄ 30 ᠪᠤᠯᠲᠠᠯ᠎ᠠ ᠨᠡᠶᠢᠬᠡᠮ ᠤᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠬᠢᠴᠢᠶᠡᠯ / ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠭᠡᠶᠢᠯᠡᠭᠰᠡᠨ ᠬᠢᠴᠢᠶᠡᠯ ᠤᠨ ᠰᠢᠯᠭᠠᠯᠲᠠ ᠶᠢ ᠳᠤᠬᠢᠷᠠᠭᠤᠯᠵᠤ᠂ 15᠄ 00 — 17᠄ 00 ᠪᠤᠯᠲᠠᠯ᠎ᠠ ᠭᠠᠳᠠᠭᠠᠳᠤ ᠬᠡᠯᠡᠨ ᠤ ᠰᠢᠯᠭᠠᠯᠲᠠ ᠶᠢ ᠳᠤᠬᠢᠷᠠᠭᠤᠯᠤᠨ᠎ᠠ᠃       ᠬᠦᠬᠡ ᠲᠦᠷᠦᠯ ᠤᠨ ᠮᠤᠩᠭᠤᠯ ᠬᠡᠯᠡᠨ ᠤ ᠰᠢᠯᠭᠠᠯᠲᠠ ᠶᠢᠨ ᠴᠠᠭ ᠢ 6 ᠰᠠᠷ᠎ᠠ ᠶᠢᠨ 7 ᠤ ᠡᠳᠦᠷ ᠤᠨ 9᠄ 00—11᠄ 30 ᠪᠤᠯᠲᠠᠯ᠎ᠠ ᠳᠤᠬᠢᠷᠠᠭᠤᠯᠵᠤ᠂ ᠬᠦᠬᠡᠭᠴᠢᠨ ᠲᠦᠷᠦᠯ ᠤᠨ ᠮᠤᠩᠭᠤᠯ ᠬᠡᠯᠡᠨ ᠤ ᠰᠢᠯᠭᠠᠯᠲᠠ ᠶᠢᠨ ᠴᠠᠭ ᠢ 6 ᠰᠠᠷ᠎ᠠ ᠶᠢᠨ9 ᠤ ᠡᠳᠦᠷ ᠤᠨ 9᠄ 00 —11᠄ 30 ᠪᠤᠯᠲᠠᠯ᠎ᠠ ᠳᠤᠬᠢᠷᠠᠭᠤᠯᠤᠭᠰᠠᠨ ᠪᠠᠶᠢᠨ᠎ᠠ᠃ 
ᠢᠷᠡᠯᠲᠡ᠄ ᠤᠷᠳᠤᠰ ᠬᠠᠮ ᠵᠠᠭᠤᠴᠢᠯᠠᠭᠤᠷ ᠤᠨ ᠲᠦᠪ