ᠭᠠᠯᠠᠭᠤᠳᠤ ᠪᠠᠯᠭᠠᠰᠤᠨ ᠤ ᠡᠯ᠎ᠡ ᠨᠡᠶᠢᠭᠡᠮ ᠲᠤᠭᠤᠷᠢᠭ ᠤᠨ ᠦᠨᠳᠤᠰᠣᠳᠡᠨ ᠤ ᠪᠦᠯᠭᠦᠮᠳᠡᠯ ᠲᠠᠪᠰᠢᠯᠳᠡ ᠶᠢ ᠪᠠᠳᠤᠳᠬᠠᠭᠰᠠᠨ ᠨᠠᠶᠢᠷ ᠴᠤᠭᠯᠠᠭᠠᠨ ᠭᠥᠭᠵᠢᠶᠠᠠᠳᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/5/30
      ᠨᠠᠮ ᠤᠨ ᠬᠤᠷᠢᠳᠤᠭᠠᠷ ᠶᠡᠭᠡ ᠬᠤᠷᠠᠯ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠲᠤᠮᠳᠠᠳᠤ ᠶᠢᠨ ᠦᠨᠳᠤᠰᠣᠳᠡᠨ ᠤ ᠬᠠᠮᠳᠤ ᠶᠢᠨ ᠴᠤᠭᠴᠠ ᠶᠢᠨ ᠤᠬᠠᠮᠰᠡᠷ ᠢ ᠪᠠᠲᠤ ᠴᠤᠭᠴᠠᠯᠠᠵᠤ ︽ᠵᠢᠱᠢᠶᠠᠴᠢ ᠦᠪᠡᠷᠳᠡᠭᠡᠨ ᠵᠠᠰᠠᠬᠤ ᠤᠷᠤᠨ︾ ᠢ ᠪᠠᠶᠢᠭᠤᠯᠬᠤ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠲᠤᠮᠳᠠᠳᠤ ᠶᠢᠨ ᠦᠨᠳᠤᠰᠤᠳᠡᠨ ᠤ ᠤᠯᠠᠮᠵᠢᠯᠠᠯᠳᠤ ᠪᠡᠶ᠎ᠡ ᠲᠠᠮᠢᠷ ᠤᠨ ᠤᠶᠢᠯᠡᠰ ᠢ ᠤᠯᠠᠮᠵᠢᠯᠠᠨ ᠬᠦᠭᠵᠢᠭᠦᠯᠭᠦ ᠶᠢᠨ ᠲᠦᠯᠦᠭᠡ᠂ ᠭᠠᠯᠠᠭᠤᠳᠤ ᠪᠠᠯᠭᠠᠰᠤ ᠶᠢᠨ ᠨᠠᠡᠳᠢᠨ ᠨᠡᠶᠢᠭᠡᠮ ᠲᠤᠭᠤᠷᠢᠭ ᠤᠨ ᠬᠢᠨ ᠲᠠᠯ᠎ᠠ ᠨᠣᠳᠤᠭ ᠤᠨ ᠥᠬᠢᠳ ᠬᠦᠪᠡᠭᠦᠳ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠨ ᠰᠢᠨ᠎ᠡ ᠴᠠᠭ ᠦᠶ᠎ᠡ ᠳᠤ ᠡᠷᠡᠮᠡᠭᠡᠶᠢᠯᠡᠨ ᠲᠡᠮᠡᠴᠡᠵᠦ ᠪᠠᠶᠢᠭ᠎ᠠ ᠪᠠᠶᠢᠳᠠᠯ ᠢ ᠬᠠᠷᠠᠭᠤᠯᠤᠭᠰᠠᠨ ︽ᠬᠠᠮᠳᠤ ᠪᠠᠷ ᠪᠠᠶᠠᠵᠢᠵᠤ ᠬᠠᠮᠳᠤ ᠪᠠᠷ ᠡᠳ᠋ᠯᠡᠭᠦ︾ ᠠᠶᠢᠯ ᠰᠠᠭᠠᠬᠠᠯᠲᠠ  ᠶᠢᠨ ᠨᠦᠬᠦᠷᠰᠡᠭ ᠬᠠᠷᠢᠴᠠᠭ᠎ᠠ ᠶᠢ ᠪᠠᠶᠢᠭᠤᠯᠬᠤ ᠵᠢᠴᠢ ᠨᠠᠨᠳᠢᠨ ᠨᠡᠶᠢᠬᠡᠮ ᠲᠤᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠪᠠᠲᠤᠳᠬᠠᠬᠤ ᠨᠠᠶᠢᠷ ᠴᠤᠭᠯᠠᠭᠠᠨ ᠢ ᠡᠷᠬᠢᠯᠡᠨ ᠬᠢᠵᠠᠢ᠃
1.jpg
2.jpg
3.jpg
      ᠡᠨᠡ ᠤᠳᠠᠭᠠᠨ ᠤ ᠠᠵᠢᠯᠯᠠᠭ᠎ᠠ ᠪᠠᠷ ᠡᠷ᠎ᠡ ᠶᠢᠨ ᠭᠤᠷᠪᠠᠨ ᠨᠠᠭᠠᠳᠤᠮ᠂ ᠤᠷᠤᠨ ᠨᠣᠳᠤᠭ ᠤᠨ ᠤᠨᠴᠠᠯᠢᠭᠳᠤ ᠢᠳᠡᠭᠡᠨ ᠤᠮᠳᠠᠭᠠᠨ ᠤ ᠪᠤᠷᠤᠯᠠᠭᠤᠯᠭ᠎ᠠ᠂ ᠪᠤᠳᠠᠰ ᠤᠨ ᠪᠤᠰᠤ ᠰᠤᠶᠤᠯ ᠤᠨ ᠥᠪ ᠤᠨ ᠲᠡᠯᠭᠡᠨ ᠦᠵᠡᠭᠦᠯᠭᠡ᠂ ᠱᠠᠭ᠎ᠠ ᠣᠷᠬᠢᠬᠤ᠂ ᠠᠯᠳᠠᠨ ᠦᠨᠳᠡᠭᠡ ᠬᠠᠭᠠᠯᠬᠤ ᠵᠡᠷᠭᠡ ᠣᠯᠠᠨ ᠵᠦᠢᠯ ᠤᠨ ᠤᠳᠬ᠎ᠠ ᠠᠭᠤᠯᠭ᠎ᠠ ᠲᠠᠢ ᠨᠠᠭᠠᠳᠤᠮ ᠲᠤᠭᠯᠠᠭᠠᠮ ᠢ ᠲᠤᠬᠢᠷᠭᠠᠤᠯᠵᠤ ᠦᠷᠭᠡᠨ ᠤᠯᠠᠨ ᠰᠠᠭᠤᠭᠠᠯᠢ ᠠᠷᠡᠳ ᠬᠦᠳᠡᠯᠭᠡᠭᠡᠨ ᠳᠤ ᠤᠷᠤᠯᠴᠠᠬᠤ ᠪᠠᠷ ᠲᠠᠮᠵᠢᠨ ᠠᠶᠢᠯ ᠰᠠᠭᠠᠬᠠᠯᠳᠠ ᠶᠢᠨ ᠨᠦᠭᠦᠷᠰᠡᠭ ᠬᠠᠷᠢᠴᠠᠭ᠎ᠠ ᠶᠢ ᠪᠠᠳᠤᠳᠬᠠᠭᠰᠨ ᠪᠠᠶᠢᠨ᠎ᠠ᠃                                     ᠰᠤᠷᠪᠤᠯᠵᠢᠯᠠᠭᠴᠢ᠄ ᠪᠤᠶᠠᠨᠲᠤ᠂ ᠰᠤᠯᠤᠩᠭ᠎ᠠ
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ