ᠬᠤᠪᠢᠰᠬᠠᠯ ᠤᠨ ᠵᠣᠷᠢᠭ ᠰᠠᠨᠠᠭ᠎ᠠ ᠶᠢ ᠰᠤᠷᠤᠭᠴᠢᠳ ᠲᠤ ᠪᠡᠶᠡᠴᠢᠯᠡᠨ ᠤᠶᠢᠯᠠᠭᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/5/4
      ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ︽ᠬᠤᠪᠢᠰᠬᠠᠯ ᠤᠨ ᠲᠡᠤᠭᠡ ᠶᠢᠨ ᠤᠯᠪᠠᠭ᠎ᠠ ᠶᠢ ᠡᠷᠬᠢᠴᠡᠭᠦᠯᠦᠨ ᠬᠤᠪᠢᠰᠬᠠᠯ ᠤᠨ ᠵᠣᠷᠢᠭ ᠰᠠᠨᠠᠭ᠎ᠠ ᠶᠢ ᠵᠠᠯᠭᠠᠮᠵᠢᠯᠠᠬᠤ︾ 2023 ᠣᠨ ᠤ ᠰᠤᠳᠤᠯᠤᠨ ᠰᠤᠷᠤᠯᠴᠠᠬᠤ ᠭᠤᠣᠯ ᠰᠡᠳᠤᠪᠳᠤ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠢ ᠤᠳᠤᠭ ᠤᠨ ᠡᠮᠤᠨᠡᠳᠤ ᠬᠤᠰᠢᠭᠤᠨ ᠤ ᠪᠤᠷᠤᠪᠠᠯᠭᠠᠰᠤᠨ ᠤ ᠬᠤᠪᠢᠰᠬᠠᠯᠳᠤ ᠬᠦᠮᠦᠵᠢᠯ ᠤᠨ ᠰᠠᠭᠤᠷᠢᠨ ᠭᠠᠵᠠᠷ ᠲᠤ ᠶᠠᠪᠤᠭᠳᠠᠭᠤᠯᠵᠤ᠂ ᠮᠠᠨ ᠤ ᠬᠤᠰᠢᠭᠤᠨ ᠤ ᠲᠠᠪᠤᠳᠤᠭᠠᠷ ᠪᠠᠭ᠎ᠠ ᠰᠤᠷᠭᠠᠭᠤᠯᠢ ᠶᠢᠨ ᠲᠦᠷᠪᠡᠳᠤᠭᠡᠷ᠂ ᠲᠠᠪᠤᠳᠤᠭᠠᠷ ᠣᠨ ᠤ ᠰᠤᠷᠤᠭᠴᠢᠳ ᠤᠷᠤᠯᠴᠠᠵᠤ᠂ ᠤᠷᠢᠳ ᠬᠤᠵᠢᠳ ᠶᠠᠩ ᠪᠤᠣ ᠱᠠᠨ ᠤ ᠲᠤᠷᠠᠰᠬᠠᠯ ᠤᠨ ᠤᠷᠳᠤᠨ᠂ ᠡᠷᠸᠢᠨ ᠢᠩᠭᠧᠰᠲ ᠪᠤᠯᠤᠨ ᠵᠣᠨ᠂ ᠡᠾᠢᠨᠲ᠋ᠤᠨ ᠤ ᠭᠤᠷᠪᠠᠨ ᠬᠢᠵᠠᠭᠠᠷ ᠤᠨ ᠮᠠᠯᠵᠢᠯ ᠤᠨ ᠲᠠᠯᠠᠪᠠᠢ ᠶᠢᠨ ᠲᠡᠯᠭᠡᠨ ᠦᠵᠡᠭᠦᠯᠭᠡ᠂ ᠮᠢᠯᠠᠩ ᠤᠨ ᠲᠤᠬᠤᠢ ᠵᠡᠷᠭᠡ ᠬᠤᠪᠢᠰᠬᠠᠯ ᠤᠨ ᠰᠠᠭᠤᠷᠢᠨ ᠭᠠᠵᠠᠷ ᠢᠶᠠᠷ ᠲᠤᠭᠤᠷᠢᠨ ᠰᠤᠷᠤᠯᠴᠠᠵᠤ᠂ ᠰᠤᠷᠤᠭᠴᠢᠳ ᠲᠤ ᠬᠤᠪᠢᠰᠬᠠᠯ ᠤᠨ ᠵᠣᠷᠢᠭ ᠰᠠᠨᠠᠭ᠎ᠠ ᠪᠤᠯᠤᠨ ᠡᠬᠡ ᠤᠯᠣᠰ ᠢᠶᠠᠨ ᠬᠠᠶᠢᠷᠠᠯᠠᠬᠤ ᠦᠵᠡᠯ ᠤᠬᠠᠮᠰᠡᠷ ᠢ ᠪᠠᠶᠠᠴᠢᠯᠠᠨ ᠤᠶᠢᠯᠭᠠᠭᠤᠯᠵᠠᠢ᠃
1.jpg
3.jpg
      ᠡᠨᠡ ᠤᠳᠠᠭᠠᠨ ᠤ ᠠᠵᠢᠯᠯᠠᠭ᠎ᠠ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠤᠷᠤᠭᠴᠢᠳ ᠤᠨ ᠤᠯᠤᠰ ᠤᠨ ᠪᠠᠶᠢᠳᠠᠯ ᠢ ᠣᠶᠢᠯᠠᠭᠠᠬᠤ᠂ ᠡᠬᠡ ᠤᠯᠤᠰ ᠢᠶᠠᠨ ᠬᠠᠶᠢᠷᠠᠯᠠᠬᠤ᠂ ᠮᠡᠳᠡᠯᠭᠡ ᠪᠠᠨ ᠨᠡᠮᠡᠭᠳᠡᠭᠦᠯᠬᠦ ᠳᠤ ᠶᠡᠭᠡᠭᠡᠨ ᠲᠤᠰᠠᠯᠠᠮᠵᠢ ᠪᠤᠯᠵᠣ ᠲᠡᠳᠡᠨ ᠤ ᠨᠡᠶᠢᠭᠡᠮ ᠳᠤ ᠬᠠᠨᠳᠤᠬᠤ ᠬᠠᠷᠢᠭᠤᠴᠠᠯᠭᠠᠳᠤ ᠤᠪᠣᠷ ᠪᠤᠯᠤᠨ ᠬᠤᠪᠢᠰᠬᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠳᠤ ᠴᠤ ᠰᠠᠶᠢᠠᠬᠨ ᠵᠠᠪᠰᠢᠶᠠᠨ ᠤᠯᠭᠤᠵᠠᠢ᠃
6.jpg
 
4.jpg
                                  ᠰᠤᠷᠪᠤᠯᠵᠢᠯᠠᠭᠴᠢ᠄ ᠪᠤᠶᠠᠨᠳᠤ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ