ᠤᠷᠳᠤᠰ ᠨᠠᠷᠢᠨ ᠨᠤᠤᠰᠤᠲᠤ ᠬᠤᠨᠢᠨ ᠤ ᠮᠢᠬ᠎ᠠ ᠠᠷᠠᠰᠤᠨ ᠤ ᠪᠤᠷᠤᠯᠠᠭᠤᠯᠭ᠎ᠠ
ᠨᠡᠶᠢᠲᠡᠯᠡᠭᠰᠡᠨ ᠴᠠᠭ᠄
2023/5/4
      ᠦᠣᠰᠢᠨ ᠬᠤᠰᠢᠭᠤᠨ ᠤ ᠡᠦ ᠶᠤᠸᠠᠨ ᠤᠯᠠᠭᠠᠨ ᠢᠳᠡᠭᠡᠨ ᠤ ᠬᠢᠵᠠᠭᠠᠷᠲᠦ ᠬᠠᠷᠢᠭᠤᠴᠠᠯᠭᠠᠲᠦ ᠺᠤᠮᠫᠠᠨᠢ ᠪᠠ ᠦᠤᠰᠢᠨ ᠬᠤᠰᠢᠭᠤᠨ ᠤ ᠤᠯᠤᠰ ᠤᠨ ᠦᠮᠴᠢᠯᠠᠯᠲᠦ ᠲᠠᠷᠢᠶᠠᠯᠠᠩ ᠮᠠᠯ ᠠᠵᠤ ᠠᠬᠤᠢ ᠶᠢ ᠨᠡᠭᠡᠭᠡᠨ ᠬᠦᠭᠵᠢᠭᠦᠯᠬᠦ ᠬᠢᠵᠠᠭᠠᠷᠲᠦ ᠺᠤᠮᠫᠠᠨᠢ ᠶᠢᠨ ᠪᠤᠯᠪᠠᠰᠤᠷᠠᠭᠤᠯᠬᠤ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠠᠵᠤ ᠤᠶᠢᠯᠡᠳᠪᠦᠷᠢᠯᠡᠯ ᠤᠨ ᠬᠡᠯᠬᠢᠶᠡᠵᠢᠯ ᠢᠶᠠᠷ ᠲᠠᠮᠵᠢᠨ ᠣᠷᠳᠣᠰ ᠨᠠᠷᠢᠨ ᠨᠣᠣᠰᠤᠲᠤ ᠬᠤᠨᠢᠨ ᠤ ᠪᠣᠷᠣᠯᠠᠭᠤᠯᠭ᠎ᠠ ᠶᠢᠨ ᠵᠠᠮ ᠢ ᠨᠡᠭᠡᠭᠡᠵᠦ᠂ ᠪᠡᠭᠡᠵᠢᠩ᠂ ᠱᠠᠩᠬᠠᠢ᠂ ᠢᠷᠭᠠᠢ᠂ ᠭᠤᠸᠠᠩᠵᠸᠦ᠂ ᠱᠸᠠᠵᠧᠨ ᠵᠡᠷᠭᠡ ᠶᠡᠭᠡ ᠬᠤᠲᠠᠨ ᠳᠤ ᠪᠣᠷᠣᠯᠠᠭᠤᠯᠤᠭᠰᠠᠨ ᠪᠠᠶᠢᠨ᠎ᠠ᠃ 2017 ᠣᠨ ᠳᠤ᠂ ᠣᠷᠳᠤᠰ ᠨᠠᠷᠢᠨ ᠨᠣᠣᠰᠤᠲᠤ ᠬᠤᠨᠢᠨ ᠤ ᠮᠢᠬ᠎ᠠ ᠨᠢ ᠳᠤᠮᠳᠠᠳᠦ ᠣᠯᠣᠰ ᠤᠨ ᠪᠠᠶᠢᠭᠠᠯᠢᠯᠢᠭ ᠢᠳᠡᠭᠡᠨ ᠤ ᠦᠵᠡᠭᠦᠯᠦᠯᠭᠡ ᠶᠢᠨ ᠬᠤᠷᠠᠯ ᠤᠨ ᠠᠯᠲᠠᠨ ᠱᠠᠩᠨᠠᠯ ᠢ ᠭᠦᠷᠳᠡᠵᠦ᠂ 2018 ᠣᠨ ᠳᠤ ᠥᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠤᠶᠢᠯᠡᠰᠵᠢᠭᠦᠯᠦᠭᠰᠡᠨ ᠲᠣᠯᠤᠭᠠᠶᠢᠯᠠᠭᠴᠢ ᠠᠵᠤ ᠠᠬᠤᠶᠢᠯᠠᠯ  ᠤᠨ ᠨᠡᠶᠢᠬᠡᠮᠯᠢᠭ ᠠᠴᠠ ︽ᠤᠨᠴᠠᠯᠢᠭᠲᠤ ᠮᠠᠯ ᠲᠠᠷᠢᠶᠠᠯᠠᠩ ᠤᠨ ᠪᠥᠳᠦᠭᠡᠭᠳᠡᠭᠦᠨ︾ ᠢᠶᠠᠷ ᠦᠨᠡᠯᠡᠭᠳᠡᠪᠡ᠃ 2019 ᠣᠨ ᠳᠤ᠂ ︽ᠣᠷᠳᠣᠰ ᠨᠠᠷᠢᠨ ᠨᠣᠣᠰᠤᠲᠤ ᠬᠤᠨᠢᠨ ᠮᠢᠬ᠎ᠠ︾ ᠨᠢ ᠭᠠᠵᠠᠷ ᠵᠦᠢ ᠶᠢᠨ ᠢᠯᠡᠷᠭᠡᠶᠢᠯᠡᠯᠲᠤ ᠲᠠᠸᠠᠷ ᠤᠨ ᠲᠡᠮᠳᠡᠭ ᠢ ᠠᠮᠵᠢᠯᠲᠠ ᠲᠠᠢ ᠪᠠᠷ ᠳᠠᠩᠰᠠᠯᠠᠭᠤᠯᠪᠠ᠃      ᠣᠷᠳᠣᠰ ᠤᠨ ᠲᠢᠶᠡᠨ ᠮᠤ᠋ ᠠᠷᠠᠰᠦ ᠨᠣᠣᠰᠤᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠵᠢᠯ ᠳᠤ 10 ᠲᠥᠮᠡᠨ ᠬᠡᠰᠡᠭ ᠣᠷᠳᠣᠰ ᠨᠠᠷᠢᠨ ᠨᠣᠣᠰᠤᠲᠤ ᠬᠤᠨᠢᠨ ᠤ ᠠᠷᠠᠰᠤ ᠶᠢ ᠡᠳ᠋ᠰᠢᠯᠡᠭᠦᠯᠦᠨ ᠪᠣᠯᠪᠠᠰᠤᠷᠠᠭᠤᠯᠵᠤ᠂ ᠤᠯᠤᠰ ᠤᠨ ᠭᠠᠳᠠᠭᠠᠳᠤ ᠲᠣᠳᠤᠭᠠᠳᠤ ᠶᠢᠨ ᠠᠷᠠᠰᠤ ᠨᠣᠣᠰᠤᠨ ᠤ ᠤᠶᠢᠯᠡᠳᠦᠨ ᠪᠤᠯᠪᠠᠰᠤᠷᠠᠭᠤᠯᠬᠤ ᠳᠠᠪᠠᠭᠤᠯᠢᠭ ᠲᠤᠷᠰᠢᠯᠭ᠎ᠠ ᠶᠢ ᠬᠤᠷᠠᠮᠳᠤᠭᠤᠯᠵᠤ᠂ ᠤᠯᠠᠮᠵᠢᠯᠠᠯᠲᠤ ᠡᠳ᠋ᠰᠢᠯᠡᠭᠦᠯᠦᠨ ᠪᠣᠯᠪᠠᠰᠤᠷᠠᠭᠤᠯᠬᠤ ᠭᠠᠷ ᠤᠷᠠᠯᠠᠯ ᠲᠠᠢ ᠤᠶᠠᠯᠳᠤᠭᠤᠯᠤᠭᠰᠠᠨ ᠠᠴᠠ ᠦᠨᠳᠦᠰᠦᠳᠡᠨ ᠤ ᠤᠨᠴᠠᠯᠢᠭ ᠲᠣᠪᠣᠶᠢᠮ᠎ᠠ ᠠᠵᠤ ᠠᠬᠤᠶᠢᠯᠠᠯ ᠤᠨ ᠬᠡᠯᠪᠡᠷᠢ ᠪᠣᠯᠤᠨ ᠲᠣᠭᠳᠠᠪᠤᠷᠢᠵᠢᠵᠤ᠂ ᠭᠠᠳᠠᠭᠠᠳᠤ ᠲᠣᠳᠣᠭᠠᠳᠤ  ᠶᠢᠨ ᠬᠡᠷᠡᠭᠯᠡᠭᠴᠢᠳ ᠤᠨ ᠬᠦᠷᠢᠶᠡᠯᠡᠯ ᠢ ᠶᠡᠭᠡᠲᠡ ᠣᠯᠵᠤ ᠪᠤᠢ᠃ ᠢᠳᠡᠭᠡᠯᠡᠭᠰᠡᠨ ᠠᠷᠠᠰᠤ᠂ ᠣᠷᠣ ᠶᠢᠨ ᠬᠡᠪᠢᠰ᠂ ᠡᠯᠭᠦᠭᠡ ᠬᠡᠪᠢᠰ᠂ ᠣᠯᠪᠣᠭ᠂ ᠱᠠᠬᠠᠢ ᠭᠤᠲᠣᠯ ᠂ ᠲᠡᠷᠭᠡᠨ ᠤ ᠠᠷᠠᠰᠦᠨ ᠡᠳ᠋ᠯᠡᠯ ᠵᠡᠷᠭᠡ ᠲᠣᠯᠤᠭᠠᠨ ᠶᠡᠭᠡ ᠲᠥᠷᠥᠯ ᠤᠨ ᠨᠠᠶᠠ ᠭᠠᠷᠦᠢ ᠵᠦᠢᠯ ᠤᠨ ᠪᠥᠳᠦᠭᠡᠭᠳᠡᠭᠦᠨ ᠨᠢ ᠶᠠᠫᠤᠨ᠂ ᠢᠲ᠋ᠠᠯᠢ ᠵᠡᠷᠭᠡ ᠤᠯᠤᠰ ᠣᠷᠣᠨ ᠳᠤ ᠴᠤ ᠪᠣᠷᠣᠯᠠᠭᠤᠯᠤᠭᠳᠠᠵᠤ ᠪᠤᠢ᠃ 
ᠢᠷᠡᠯᠲᠡ᠄ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ