ᠦᠦᠰᠢᠨ ᠵᠠᠰᠠᠭ ᠠᠯᠪᠠᠨ ᠳᠠᠷᠬᠠᠭᠠᠬᠤ〔 2023〕29 ᠳ᠋ᠤᠭᠡᠷ ᠲᠣᠭᠠᠲᠤ | | | ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠤᠷᠤᠨ ︵ᠬᠦᠷᠢᠶᠡᠯᠡᠩ ᠲᠣᠭᠤᠷᠢᠭ︶ ᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠪᠠᠶᠢᠭᠤᠯᠭ᠎ᠠ ᠨᠢᠭᠡᠴᠢ ᠵᠢᠴᠢ ᠬᠠᠮᠢᠶ᠎ᠠ | ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ᠂ ᠪᠠᠲᠤᠯᠠᠬᠤ ᠪᠠ | ᠬᠢᠨᠠᠵᠤ᠂ ᠠᠷᠠᠳ ᠢᠷᠭᠡᠨ᠂ ᠬᠠᠤᠯᠢ ᠶᠢᠨ ᠡᠷᠭᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ ᠶᠢᠨ ᠲᠦᠯᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠤᠨ | ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ | ᠤᠨ ᠱᠠᠭᠠᠷᠳᠠᠯᠭ᠎ᠠ ᠶᠢ ᠦᠨᠳᠦᠰᠦᠯᠡᠨ᠂ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠪᠥᠬᠦ | ᠲᠠᠯ᠎ᠠ ᠪᠠᠷ ᠢᠯᠭᠠᠷᠠᠭᠤᠯᠤᠨ ᠲᠣᠳᠣᠯᠠᠵᠤ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠨᠤᠲᠠᠯᠠᠭᠤᠯᠤᠭᠠᠳ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠲᠠᠢ 54 ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠴᠢ᠂ ᠬᠠᠤᠯᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠶᠢ | ᠡᠳᠦᠭᠡ ᠨᠡᠶᠢᠲᠡᠯᠡᠶ᠎ᠡ᠃ | ᠨᠢᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ | 1. ᠦᠦᠰᠢᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | 2. ᠦᠦᠰᠢᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ | 3. ᠦᠦᠰᠢᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ | 4. ᠦᠦᠰᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ | 5. ᠦᠦᠰᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | 6. ᠦᠦᠰᠢᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ | 7. ᠦᠦᠰᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ | 8. ᠦᠦᠰᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ | 9. ᠦᠦᠰᠢᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ | 10. ᠦᠦᠰᠢᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | 11. ᠦᠦᠰᠢᠨ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | 12. ᠣᠷᠳᠣᠰ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠦᠦᠰᠢᠨ ᠬᠤᠰᠢᠭᠤᠨ ᠤ ᠬᠤᠪᠢᠶᠠᠷᠢ ᠲᠣᠪᠴᠢᠶ᠎ᠠ | 13. ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | 14. ᠦᠦᠰᠢᠨ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ | 15. ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | 16. ᠦᠦᠰᠢᠨ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ | 17. ᠦᠦᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 18. ᠦᠦᠰᠢᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ | 19. ᠦᠦᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ | 20. ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 21. ᠦᠦᠰᠢᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | 22. ᠦᠦᠰᠢᠨ ᠬᠤᠰᠢᠭᠤᠨ ᠤ ᠡᠨᠧᠷᠭᠢ ᠶᠢᠨ ᠲᠣᠪᠴᠢᠶ᠎ᠠ | 23. ᠦᠦᠰᠢᠨ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ | 24. ᠦᠦᠰᠢᠨ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ | 25. ᠦᠦᠰᠢᠨ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ | 26. ᠦᠦᠰᠢᠨ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ | 27. ᠦᠦᠰᠢᠨ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ | 28. ᠦᠦᠰᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | 29. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠦᠰᠢᠨ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | 30. ᠦᠦᠰᠢᠨ ᠬᠤᠰᠢᠭᠤᠨ ᠤ ᠴᠠᠭ ᠠᠭᠤᠷ ᠤᠨ ᠲᠣᠪᠴᠢᠶ᠎ᠠ | 31. ᠦᠦᠰᠢᠨ ᠬᠤᠰᠢᠭᠤᠨ ᠤ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ | 32. ᠣᠷᠳᠣᠰ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ | ᠦᠦᠰᠢᠨ ᠬᠤᠰᠢᠭᠤᠨ ᠤ ᠶᠡᠭᠡ ᠠᠩᠭᠢ | 33. ᠦᠦᠰᠢᠨ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | 34. ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠣᠷᠳᠣᠰ ᠤᠨ ᠰᠤᠪᠤᠷᠭ᠎ᠠ ᠠᠵᠤ ᠠᠬᠤᠢ ᠶᠢᠨ | ᠨᠡᠭᠡᠭᠡᠯᠲᠡ ᠶᠢᠨ ᠤᠷᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ | 35. ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 36. ᠦᠦᠰᠢᠨ ᠬᠤᠰᠢᠭᠤᠨ ᠤ ᠤᠯᠠᠭᠠᠨᠲᠣᠯᠤᠭᠠᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 37. ᠦᠦᠰᠢᠨ ᠬᠤᠰᠢᠭᠤᠨ ᠤ ᠦᠦᠰᠢᠨᠵᠤᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 38. ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 39. ᠦᠦᠰᠢᠨ ᠬᠤᠰᠢᠭᠤᠨ ᠤ ᠳᠤᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | 40. ᠦᠦᠰᠢᠨ ᠬᠤᠰᠢᠭᠤᠨ ᠤ ᠰᠦᠯᠳᠡ ᠰᠤᠮᠤᠨ ᠤ ᠠᠷᠠᠳ ᠤᠨ ᠵᠠᠰᠠᠭ ᠤᠨ ᠣᠷᠳᠣᠨ | 41. ᠦᠦᠰᠢᠨ ᠬᠤᠰᠢᠭᠤᠨ ᠤ ᠰᠦᠯᠳᠡ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 42. ᠦᠦᠰᠢᠨ ᠬᠤᠰᠢᠭᠤᠨ ᠤ ᠰᠢᠷᠬᠤᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 43. ᠦᠦᠰᠢᠨ ᠬᠤᠰᠢᠭᠤᠨ ᠤ ᠭᠠᠯᠠᠭᠤᠲᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 44. ᠦᠦᠰᠢᠨ ᠬᠤᠰᠢᠭᠤᠨ ᠤ ᠤᠯᠠᠭᠠᠨᠲᠣᠯᠤᠭᠠᠢ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 45. ᠦᠦᠰᠢᠨ ᠬᠤᠰᠢᠭᠤᠨ ᠤ ᠦᠦᠰᠢᠨᠵᠤᠤ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 46. ᠦᠦᠰᠢᠨ ᠬᠤᠰᠢᠭᠤᠨ ᠤ ᠲᠤᠭ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 47. ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 48. ᠦᠦᠰᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ | 49. ᠦᠦᠰᠢᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 50. ᠦᠦᠰᠢᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 51. ᠦᠦᠰᠢᠨ ᠬᠤᠰᠢᠭᠤᠨ ᠤ ᠡᠨᠧᠷᠭᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 52. ᠦᠦᠰᠢᠨ ᠬᠤᠰᠢᠭᠤᠨ ᠤ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 53. ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠶᠡᠭᠡ ᠠᠩᠭᠢ | 54. ᠦᠦᠰᠢᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠶᠡᠭᠡ ᠠᠩᠭᠢ | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠦᠦᠰᠢᠨ ᠬᠤᠰᠢᠭᠤᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠢ ᠦᠦᠰᠢᠨ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠬᠠᠮᠲᠤ ᠳᠤᠨᠢ ᠨᠡᠶᠢᠲᠡᠯᠡᠨ᠎ᠡ᠃ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠭᠤᠣᠯ ᠴᠣᠭᠴᠠ ᠨᠢ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠴᠢᠩᠭ᠎ᠠ᠂ ᠵᠢᠷᠤᠮᠵᠢᠯ ᠲᠠᠢ᠂ ᠲᠥᠪ ᠭᠤᠣᠯᠴᠢ᠂ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠦᠨᠡᠨ ᠬᠦ ᠪᠡᠶᠡᠯᠡᠭᠦᠯᠵᠦ᠂ ᠣᠯᠠᠨ ᠨᠡᠶᠢᠲᠡ ᠶᠢᠨ | ᠠᠰᠢᠭ ᠲᠤᠰᠠ ᠪᠠ ᠠᠷᠠᠳ ᠢᠷᠭᠡᠨ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠨ᠎ᠠ᠃ | ︵ᠬᠤᠶᠠᠷ︶ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ ᠨᠠᠶᠢᠳᠠᠯᠭ᠎ᠠ ᠶᠢᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠥᠷᠨᠢᠭᠦᠯᠬᠦ ᠳᠤ᠂ ᠨᠠᠶᠢᠳᠠᠯᠭ᠎ᠠ ᠬᠦᠯᠢᠶᠡᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ᠯᠤᠭ᠎ᠠ | ᠪᠢᠴᠢᠭ ᠤᠨ ᠬᠡᠯᠪᠡᠷᠢ ᠶᠢᠨ ᠨᠠᠶᠢᠳᠠᠯᠭ᠎ᠠ ᠶᠢᠨ ᠬᠡᠯᠡᠯᠴᠡᠭᠡᠷ ᠲᠣᠭᠲᠠᠵᠤ᠂ ᠨᠠᠶᠢᠳᠠᠯᠭ᠎ᠠ ᠬᠦᠯᠢᠶᠡᠭᠰᠡᠨ ᠭᠤᠣᠯ ᠴᠣᠭᠴᠠ ᠪᠠ ᠨᠠᠶᠢᠳᠠᠭᠰᠠᠨ ᠵᠠᠰᠠᠭ ᠵᠠᠬᠢᠷᠭᠠᠨ ᠤ | ᠡᠷᠬᠡ ᠲᠤᠰᠢᠶᠠᠯ ᠤᠨ ᠠᠭᠤᠯᠭ᠎ᠠ ᠶᠢ ᠢᠯᠡ ᠪᠣᠯᠭᠠᠬᠤ ᠶᠢᠨ ᠬᠠᠮᠲᠤ ᠦᠦᠰᠢᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠵᠦ | ᠳᠠᠩᠰᠠᠯᠠᠭᠤᠯᠤᠨ᠎ᠠ᠃ | ︵ᠭᠤᠷᠪᠠ︶ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠭᠤᠯᠭ᠎ᠠ ᠳᠤ ᠫᠠᠶᠢᠰᠠ ᠡᠯᠭᠦᠭᠰᠡᠨ ᠪᠠᠶᠢᠭᠤᠯᠤᠮᠵᠢ ᠨᠢ ᠬᠠᠮᠢᠶ᠎ᠠ ᠪᠦᠬᠦᠢ | ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠫᠠᠶᠢᠰᠠ ᠡᠯᠭᠦᠭᠰᠡᠨ ᠪᠠᠶᠢᠭᠤᠯᠤᠮᠵᠢ ᠶᠢᠨ ᠨᠡᠷ᠎ᠡ ᠪᠠᠷ ᠭᠠᠳᠠᠭᠰᠢ ᠪᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵ᠳᠥᠷᠪᠡ︶ ᠨᠡᠶᠢᠲᠡᠯᠡᠭᠰᠡᠨ ᠡᠳᠦᠷ ᠠᠴᠠ ᠡᠬᠢᠯᠡᠨ᠂ ᠬᠤᠰᠢᠭᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ | ᠲᠤᠬᠢᠷᠠᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠬᠢᠷᠢ ᠬᠡᠮ ᠢ ᠬᠦᠴᠦᠨ ᠦᠭᠡᠢ ᠪᠣᠯᠭᠠᠬᠤ ᠵᠡᠷᠭᠡ ᠪᠠᠶᠢᠳᠠᠯ ᠭᠠᠷᠪᠠᠯ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠲᠣᠰ ᠪᠠᠶᠢᠳᠠᠯ ᠳᠤ ᠦᠨᠳᠦᠰᠦᠯᠡᠭᠰᠡᠨ ᠬᠠᠤᠯᠢ ᠴᠠᠭᠠᠵᠠ ᠳᠦᠷᠢᠮ ᠲᠣᠭᠲᠠᠭᠠᠯ ᠢ ᠨᠡᠶᠢᠲᠡᠯᠡᠭᠰᠡᠨ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ | ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠤᠰᠢᠭᠤ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ | ᠨᠤᠲᠠᠯᠠᠭᠤᠯᠤᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃ | | | ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 4 ᠰᠠᠷ᠎ᠠ ᠶᠢᠨ 23 ᠤ ᠡᠳᠦᠷ | | |