︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠬᠤᠷᠠᠯ ᠤᠨ ᠶᠠᠪᠤᠳᠠᠯ ᠤᠨ ᠲᠥᠰᠥᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/1
      5 ᠰᠠᠷ᠎ᠠ ᠶᠢᠨ 30 ᠤ ᠡᠳᠦᠷ᠂ ︽ᠪᠣᠷᠣᠳᠣᠬᠤᠢ ᠬᠦᠮᠦᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠤᠨ ᠬᠤᠷᠠᠯ ᠤᠨ ᠶᠠᠪᠤᠳᠠᠯ ᠤᠨ ᠲᠥᠰᠥᠯ ᠤᠨ ᠬᠠᠷᠢᠭᠤ ᠮᠡᠳᠡᠭᠦᠯᠦᠯᠲᠡ ᠶᠢᠨ ᠬᠤᠷᠠᠯ  ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠬᠤᠰᠢᠭᠤ ᠳᠡᠳ᠋ ᠳᠠᠷᠤᠭ᠎ᠠ ᠵᠧᠦ ᠱᠤᠸᠠᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠰᠤ᠋ ᠴᠢᠩ ᠫᠦ᠋᠂ ᠬᠤᠰᠢᠭᠤ ᠳᠡᠳ᠋ ᠳᠠᠷᠤᠭ᠎ᠠ ᠮᠠ ᠯᠢ ᠵᠢᠶᠧ ᠵᠢᠴᠢ ᠡᠯ᠎ᠡ ᠬᠤᠯᠪᠣᠭᠳᠠᠯ ᠪᠦᠬᠦᠢ ᠰᠤᠮᠤ ᠪᠠᠯᠭᠠᠰᠤ ᠪᠣᠯᠣᠨ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠳᠡᠭᠡᠷ᠎ᠡ᠂ ᠬᠤᠷᠠᠯ ᠤᠨ ᠶᠠᠪᠤᠳᠠᠯ ᠤᠨ ᠦᠢᠯᠡᠴᠢᠯᠡᠭᠡᠨ ᠤ ᠺᠣᠮᠫᠠᠨᠢ ᠶᠢᠨ ᠬᠠᠷᠢᠭᠤᠴᠠᠯᠭᠠᠲᠠᠨ ᠠᠴᠠ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠤᠨ ᠬᠤᠷᠠᠯ ᠤᠨ ᠶᠠᠪᠤᠳᠠᠯ ᠤᠨ ᠦᠢᠯᠡᠴᠢᠯᠡᠭᠡᠨ ᠤ ᠲᠥᠰᠥᠯ ᠤᠨ ᠲᠤᠬᠠᠢ ᠨᠠᠷᠢᠨ ᠬᠠᠷᠢᠭᠤ ᠮᠡᠳᠡᠭᠦᠯᠦᠯᠲᠡ ᠬᠢᠵᠡᠢ᠃ ᠬᠤᠷᠠᠯ ᠳᠤ ᠣᠷᠣᠯᠴᠠᠭᠰᠠᠳ ᠶᠠᠷᠢᠶᠠᠨ ᠤ ᠲᠠᠪᠴᠠᠩ ᠤᠨ ᠬᠤᠷᠠᠯ ᠤᠨ ᠶᠠᠪᠤᠳᠠᠯ ᠤᠨ ᠦᠢᠯᠡᠴᠢᠯᠡᠭᠡᠨ ᠤ ᠬᠤᠯᠪᠣᠭᠳᠠᠯ ᠪᠦᠬᠦᠢ ᠬᠡᠷᠡᠭᠵᠢᠭᠦᠯᠬᠦ ᠲᠥᠰᠥᠯ ᠤᠨ ᠲᠣᠭᠤᠷᠢᠨ ᠳᠤ ᠲᠤᠰ ᠲᠤᠰ ᠰᠠᠨᠠᠯ ᠰᠠᠨᠠᠭᠤᠯᠭ᠎ᠠ ᠳᠤᠷᠠᠳᠪᠠ᠃
1.png
      ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢᠨ᠎ᠡ ᠵᠢᠭᠠᠵᠤ ᠭᠠᠷᠭᠠᠬᠤ ᠳᠠᠭᠠᠨ᠂ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠢ ᠰᠠᠶᠢᠲᠤᠷ ᠪᠡᠯᠡᠳᠬᠡᠨ ᠡᠷᠭᠢᠯᠡᠬᠦ ᠪᠣᠯ ᠵᠢᠯ ᠤᠨ ᠡᠬᠢᠨ ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠭᠤᠷᠪᠠᠨ ᠶᠡᠭᠡ ᠶᠠᠪᠤᠳᠠᠯ ᠤᠨ ᠨᠢᠭᠡ ᠂ ᠮᠥᠨ ᠴᠦ ︽ᠪᠣᠷᠣᠳᠣᠬᠤᠢ ᠬᠥᠮᠥᠨ︾ ᠤ ᠰᠣᠶᠣᠯ ᠤᠨ ᠨᠡᠷᠡᠲᠤ ᠲᠡᠮᠳᠡᠭ ᠢ ᠡᠭᠦᠳᠴᠦ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠠᠵᠠ ᠲᠣᠬᠢᠶᠠᠯ ᠪᠣᠯᠣᠨ᠎ᠠ᠃ ᠣᠳᠣᠬᠠᠨ ᠳᠤ᠂ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠤᠨ ᠪᠡᠯᠡᠳᠬᠡᠯ ᠠᠵᠢᠯ ᠵᠠᠩᠭᠢᠯᠠᠭ᠎ᠠ ᠶᠢᠨ ᠱᠠᠲᠤᠨ ᠳᠤ ᠣᠷᠣᠵᠤ᠂ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠪᠠᠶᠢᠭ᠎ᠠ ᠶᠤᠮ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠶᠠᠷᠢᠶᠠᠨ ᠤ ᠲᠠᠪᠴᠠᠩ ᠢ ᠰᠠᠶᠢᠲᠤᠷ ᠡᠷᠬᠢᠯᠡᠬᠦ ᠶᠢᠨ ᠴᠢᠬᠤᠯᠠ ᠠᠴᠢ ᠬᠤᠯᠪᠣᠭᠳᠠᠯ ᠪᠠ ᠠᠯᠤᠰ ᠬᠡᠳᠤ ᠶᠢᠨ ᠨᠥᠯᠥᠭᠡ ᠶᠢ ᠭᠦᠨᠵᠡᠭᠡᠢ ᠲᠠᠨᠢᠵᠤ ᠤᠯᠤᠰ ᠲᠦᠷᠦ ᠶᠢᠨ ᠬᠠᠷᠢᠭᠤᠴᠠᠯᠭ᠎ᠠ ᠪᠠ ᠡᠭᠦᠷᠭᠡ ᠶᠢ ᠰᠠᠶᠢᠳᠣᠷ ᠡᠭᠦᠷᠭᠡᠯᠡᠵᠦ ᠢᠲᠡᠭᠡᠯ ᠵᠣᠷᠢᠭ ᠢᠶᠠᠨ ᠪᠠᠲᠤᠳᠬᠠᠨ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠪᠡᠯᠡᠳᠬᠡᠬᠦ ᠬᠡᠷᠡᠭᠲᠡᠢ ᠭᠡᠵᠡᠢ᠃      ᠰᠢᠨ᠎ᠡ ᠴᠢᠬᠤᠯᠠᠴᠢᠯᠠᠬᠤ ᠳᠠᠭᠠᠨ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠲᠠᠢ ᠬᠠᠷᠢᠴᠠᠭᠤᠯᠵᠤ ᠪᠡᠯᠡᠳᠬᠡᠯ ᠠᠵᠢᠯ ᠢ ᠨᠠᠶᠢᠳᠠᠪᠤᠷᠢᠵᠢᠭᠤᠯᠬᠤ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠵᠤ ᠶᠠᠷᠢᠶᠠᠨ ᠤ ᠲᠠᠪᠴᠠᠩ ᠢ ᠥᠪᠡᠷᠮᠢᠴᠡ ᠣᠨᠴᠠᠯᠢᠭ ᠲᠠᠢ᠂ ᠦᠨᠳᠦᠷ ᠬᠢᠷᠢ ᠲᠦᠪᠰᠢᠨ ᠲᠠᠢ᠂ ᠰᠢᠯᠢᠳᠡᠭ ᠦᠷ᠎ᠡ ᠪᠦᠲᠦᠮᠵᠢ ᠲᠠᠢ ᠡᠷᠬᠢᠯᠡᠬᠦ ᠶᠢ ᠪᠠᠲᠤᠯᠠᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ᠢ ᠤᠷᠢᠨ ᠵᠠᠯᠠᠬᠤ ᠪᠠ ᠵᠣᠯᠭᠠᠭᠤᠯᠬᠤ ᠵᠡᠷᠭᠡ ᠠᠵᠢᠯ ᠢ ᠬᠢᠨᠠᠮᠠᠭᠠᠢ ᠬᠢᠵᠦ ᠬᠤᠷᠠᠯ ᠤᠨ ᠡᠯ᠎ᠡ ᠲᠦᠷᠦᠯ ᠤᠨ ᠪᠢᠴᠢᠭ ᠮᠠᠲ᠋ᠧᠷᠢᠶᠠᠯ ᠢ ᠴᠢᠨᠠᠷ ᠰᠠᠶᠢᠲᠠᠢ ᠲᠤᠭᠤᠷᠪᠢᠵᠤ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠢ ᠶᠡᠷᠦᠩᠬᠡᠶᠢᠯᠡᠨ ᠬᠡᠷᠡᠭᠯᠡᠵᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠠᠷᠢᠨ ᠨᠢᠮᠪᠠᠢ ᠲᠤᠭᠢᠷᠠᠭᠤᠯᠤᠨ ᠨᠢᠭᠲᠠ ᠪᠠᠶᠢᠷᠢᠯᠠᠭᠤᠯᠵᠤ ᠶᠠᠷᠢᠶᠠᠨ ᠤ ᠲᠠᠪᠴᠠᠩ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ᠂ ᠴᠢᠮᠡᠭᠡ ᠬᠤᠯᠪᠣᠭ᠎ᠠ᠂ ᠭᠠᠯ ᠤᠨᠲᠠᠷᠠᠭᠠᠬᠤ᠂ ᠢᠳᠡᠭᠡᠨ ᠤ ᠠᠮᠤᠷ ᠲᠦᠪᠰᠢᠨ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠶᠡᠭᠡ ᠲᠠᠯ᠎ᠠ ᠶᠢᠨ ᠤᠬᠠᠮᠰᠠᠷ ᠢ ᠪᠣᠶ ᠪᠤᠯᠭᠠᠨ ᠬᠠᠷᠢᠯᠴᠠᠭ᠎ᠠ ᠵᠤᠬᠢᠴᠠᠭᠤᠯᠭ᠎ᠠ ᠪᠠᠨ ᠴᠢᠩᠭᠠᠳᠬᠠᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠡᠯ᠎ᠡ ᠵᠦᠢᠯ ᠤᠨ ᠪᠡᠯᠡᠳᠬᠡᠯ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃                             ᠰᠣᠷᠪᠤᠯᠵᠢᠯᠠᠭᠴᠢ᠄ ᠰᠣᠯᠣᠩᠭ᠎ᠠ᠂ ᠬᠦᠸᠧ ᠵᠢᠶ᠋ᠨ ᠳ᠋ᠦᠩ᠂ ᠪᠠᠢ ᠪᠤᠤ ᠴᠢᠶᠠᠩ 
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ