ᠪᠦᠬᠦ ᠬᠤᠰᠢᠭᠤᠨ ᠤ ᠺᠠᠳ᠋ᠷ ᠠᠵᠢᠯᠲᠠᠳ ᠤᠨ ᠤᠷᠠᠨ ᠰᠠᠶᠢᠬᠠᠨ ᠤ ᠤᠷᠤᠯᠳᠤᠭᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2023/6/1
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠦᠨᠳᠦᠰᠦᠲᠡᠨ ᠤ ᠲᠦᠷᠥ ᠤᠨ ᠪᠣᠳᠣᠯᠭ᠎ᠠ ᠪᠠ ᠬᠠᠤᠯᠢ ᠴᠠᠭᠠᠵᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠬᠤ ᠶᠢᠨ ᠲᠦᠯᠦᠭᠡ᠂ ᠤᠶᠢᠷ᠎ᠠ ᠶᠢᠨ ᠡᠳᠤᠷ᠂ ᠮᠠᠨ ᠤ  ᠬᠤᠰᠢᠭᠤ ︽ᠦᠨᠳᠦᠰᠦᠲᠡᠨ  ᠨᠦᠭᠦᠳ ᠪᠦᠯᠬᠦᠮᠳᠡᠨ ᠨᠢᠭᠡ ᠭᠡᠷ ᠤᠨ ᠬᠦᠮᠦᠨ ᠮᠡᠲᠤ ᠲᠤᠳᠤᠨᠤᠰᠤᠭ ᠪᠠᠶᠢᠯᠴᠠᠵᠤ ᠳᠤᠮᠳᠠᠳᠤ ᠶᠢᠨ ᠬᠦᠰᠡᠯ ᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠲᠤᠪᠲᠤ ᠪᠦᠬᠦ ᠬᠤᠰᠢᠭᠤᠨ ᠤ ᠺᠠᠳ᠋ᠷ ᠠᠵᠢᠯᠲᠠᠳ ᠤᠨ ᠤᠷᠠᠨ ᠰᠠᠶᠢᠬᠠᠨ ᠤ ᠤᠷᠤᠯᠳᠤᠭᠠᠨ ᠦᠷᠨᠢᠭᠦᠯᠦᠯ᠎ᠡ᠃       ᠤᠷᠤᠯᠳᠤᠭᠠᠨ ᠳᠤ ᠡᠯ᠎ᠡ ᠭᠠᠴᠠᠭ᠎ᠠ ᠲᠤᠰᠬᠤᠨ᠂ ᠡᠯ᠎ᠡ ᠪᠠᠶᠢᠭᠤᠯᠭ᠎ᠠ ᠨᠢᠭᠡᠴᠢ ᠶᠢᠨ 10 ᠲᠤᠭᠯᠠᠯᠲᠠ ᠤᠷᠤᠯᠴᠠᠵᠤ᠂  ᠣᠷᠳᠣᠰ ᠨᠠᠶᠢᠷ᠂ ᠡᠬᠡ ᠤᠷᠤᠨ  ᠤ ᠮᠠᠭᠲᠠᠭᠠᠯ᠂ ᠬᠠᠮᠲᠤ ᠶᠢᠨ ᠳᠠᠭᠤᠤ ᠵᠡᠷᠭᠡ ᠲᠤᠭᠯᠠᠯᠲᠠ ᠪᠠᠷ ᠦᠪᠡᠷ ᠦᠪᠡᠷ ᠤᠨ ᠠᠪᠢᠶᠠᠰ ᠴᠢᠳᠠᠪᠤᠷᠢ ᠪᠠᠨ ᠪᠠᠳᠠᠷᠠᠭᠤᠯᠵᠤ ᠭᠦᠨ ᠵᠤᠵᠠᠭᠠᠨ ᠡᠬᠡ ᠤᠷᠤᠨᠴᠢ ᠰᠡᠳᠬᠢᠯᠭᠡ ᠪᠠᠨ ᠢᠯᠡᠷᠡᠭᠦᠯᠦᠭᠰᠡᠨ ᠪᠠᠶᠢᠨ᠎ᠠ᠃ ᠬᠤᠷᠴᠠ ᠰᠢᠷᠦᠭᠦᠨ ᠠᠪᠢᠶᠠᠰᠯᠢᠭ ᠲᠡᠮᠡᠴᠡᠭᠡᠨ ᠢᠶᠠᠷ ᠬᠤᠰᠢᠭᠤ ᠰᠤᠶᠤᠯ ᠤᠨ ᠣᠷᠳᠣᠨ ᠤ ︽ᠴᠠᠭ ᠦᠶ᠎ᠡ ᠶᠢᠨ ᠳᠠᠭᠤᠯᠠᠯ︾ ᠬᠠᠮᠲᠤ ᠶᠢᠨ ᠳᠠᠭᠤᠤ ᠲᠡᠷᠢᠭᠦᠯᠦᠯ᠎ᠡ᠃      ᠲᠣᠰ ᠤᠳᠠᠭᠠᠨ ᠤ ᠤᠷᠤᠯᠳᠤᠭᠠᠨ ᠨᠢ ᠡᠯ᠎ᠡ ᠺᠠᠳ᠋ᠷ ᠠᠵᠢᠯᠲᠠᠳ ᠤᠨ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠰᠤᠷᠤᠯᠴᠠᠬᠤ ᠳᠤ ᠲᠠᠪᠴᠠᠩ ᠬᠠᠩᠭᠠᠵᠤ ᠵᠣᠷᠢᠭᠲᠠᠶ ᠪᠠᠷ ᠬᠦᠰᠡᠯ ᠮᠦᠷᠦᠭᠡᠳᠦᠯ ᠢᠶᠠᠨ ᠲᠡᠷᠭᠡᠯᠰᠢᠭᠦᠯᠬᠦ ᠲᠡᠮᠡᠴᠡᠯ ᠤᠨ ᠵᠣᠷᠢᠭ ᠰᠠᠨᠠᠭ᠎ᠠ ᠶᠢ ᠢᠯᠡᠷᠡᠭᠦᠯᠦᠨ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢ ᠤᠯᠠᠮ ᠨᠢᠭᠡ ᠠᠯᠬᠤᠮ  ᠴᠢᠩᠭᠠᠳᠬᠠᠵᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠳᠡᠯᠭᠡᠷᠡᠭᠦᠯᠦᠨ ᠬᠦᠭᠵᠢᠭᠦᠯᠦᠭᠰᠡᠨ ᠢᠶᠠᠷ ᠪᠠᠷᠠᠬᠤ ᠥᠬᠡᠶ ᠨᠠᠩ ᠴᠤ  ᠪᠦᠯᠬᠦᠮᠳᠡᠨ ᠨᠥᠬᠦᠷᠯᠡᠬᠦ ᠴᠤᠭ ᠵᠢᠪᠬᠤᠭ᠎ᠠ ᠶᠢ ᠢᠯᠡᠷᠡᠭᠦᠯᠦᠭᠰᠡᠨ ᠪᠠᠶᠢᠨ᠎ᠠ᠃                               ᠰᠤᠷᠪᠤᠯᠵᠢᠯᠠᠭᠴᠢ᠄ ᠠᠯᠤᠰ
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ