ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 29 ᠤ ᠦᠳᠡ ᠶᠢᠨ ᠬᠤᠶᠢᠨ᠎ᠠ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠲᠤᠬᠠᠢ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠂ ᠰᠤᠷᠭᠠᠨ ᠬᠥᠮᠦᠵᠢᠯ ᠬᠥᠭᠵᠢᠪᠡᠯ ᠤᠯᠤᠰ ᠮᠠᠨᠳᠤᠵᠤ ᠂ ᠰᠤᠷᠭᠠᠨ ᠬᠥᠮᠦᠵᠢᠯ ᠬᠦᠴᠦᠷᠬᠡᠭᠵᠢᠪᠡᠯ | ᠤᠯᠤᠰ ᠬᠦᠴᠦᠷᠬᠡᠭᠵᠢᠨ᠎ᠡ ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠵᠠᠮᠴᠢᠯᠠᠭᠴᠢ ᠮᠥᠨ ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ ᠂ | ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠪᠦᠲᠦᠮᠵᠢᠲᠡᠢ ᠠᠷᠭ᠎ᠠ ᠵᠠᠮ ᠮᠥᠨ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠰᠠᠭᠤᠷᠢ ᠢᠨᠵᠧᠨᠧᠷᠢᠩ | ᠮᠥᠨ ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ | ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠪᠠᠶᠢᠷᠢᠰᠢᠭᠤᠯᠵᠤ ᠂ ᠬᠤᠪᠢᠰᠤᠯᠲᠠ ᠶᠢ ᠬᠦᠴᠦᠲᠡᠢ ᠠᠷᠭᠠᠴᠠᠭᠠᠵᠤ ᠂ | ᠰᠢᠨ᠎ᠡ ᠪᠠᠶᠢᠳᠠᠯ ᠢ ᠬᠦᠴᠦᠯᠡᠨ ᠨᠡᠭᠡᠭᠡᠵᠦ ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠂ ᠰᠤᠷᠭᠠᠨ ᠬᠥᠮᠦᠵᠢᠯ ᠤᠨ | ᠬᠦᠴᠦᠨ ᠢᠶᠠᠷ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠵᠤ ᠂ ᠰᠤᠷᠭᠠᠨ ᠬᠥᠮᠦᠵᠢᠯ ᠤᠨ ᠬᠦᠴᠦᠷᠬᠡᠭᠵᠢᠯ ᠢᠶᠠᠷ ᠤᠯᠤᠰ ᠣᠷᠣᠨ ᠤ ᠪᠠᠶᠠᠨ | ᠬᠦᠴᠦᠷᠬᠡᠭ ᠤᠨ ᠰᠠᠭᠤᠷᠢ ᠶᠢ ᠪᠠᠬᠢᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ | ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠴᠢᠦ ᠶᠦᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ ᠂ ᠠᠵᠢᠯ ᠤᠨ ᠰᠠᠨᠠᠭᠤᠯᠭ᠎ᠠ ᠳᠤᠷᠠᠳᠪᠠ ᠃ ᠲᠥᠪ ᠤᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ ᠤᠯᠤᠰ ᠤᠨ ᠶᠡᠭᠡ ᠪᠣᠳᠣᠯᠭ᠎ᠠ ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ | ᠪᠠᠷᠢᠮᠲᠠᠯᠠᠵᠤ ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠭᠠᠷᠭᠠᠵᠤ ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠣᠯᠬᠤ ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ | ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ ᠂ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠶᠡᠷᠦᠩᠬᠡᠢ ᠲᠦᠪᠰᠢᠨ ᠳᠡᠯᠡᠬᠡᠢ ᠶᠢᠨ | ᠳᠤᠮᠳᠠ ᠳᠡᠭᠡᠳᠦ ᠤᠯᠤᠰ ᠤᠨ ᠡᠩᠨᠡᠭᠡᠨ ᠳᠤ ᠣᠷᠣᠪᠠ ᠃ ᠵᠢᠱᠢᠵᠦ ᠪᠤᠳᠣᠬᠰᠠᠨ ᠢᠶᠠᠷ ᠮᠠᠨ ᠤ ᠤᠯᠤᠰ ᠤᠨ ᠣᠳᠣᠬᠠᠨ ᠤ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠭᠦᠢᠴᠡᠳᠬᠡᠯ ᠲᠤᠭ᠎ᠠ ᠪᠦᠭᠦ ᠳᠡᠯᠡᠬᠡᠢ ᠶᠢᠨ 23 ᠳ᠋ᠤᠭᠠᠷ ᠲᠤ ᠣᠷᠣᠵᠤ ᠂ 2012 ᠣᠨ ᠤ ᠬᠢ ᠠᠴᠠ 26 ᠪᠠᠶᠢᠷᠢ ᠡᠮᠦᠨᠡᠰᠢᠯᠡᠵᠦ ᠂ | ᠳᠠᠪᠰᠢᠯᠲᠠ ᠪᠠᠷ ᠬᠠᠮᠤᠭ ᠤᠨ ᠲᠦᠷᠭᠡᠨ ᠤᠯᠤᠰ ᠪᠣᠯᠵᠠᠢ ᠃ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠵᠠᠮ ᠪᠣᠯ ᠪᠦᠷᠢᠮᠦᠰᠦᠨ ᠵᠥᠪ ᠪᠤᠯᠬᠤ ᠶᠢ ᠭᠦᠢᠴᠡᠳ ᠭᠡᠷᠡᠴᠢᠯᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠪᠢᠳᠠ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ ᠂ ᠡᠷᠬᠡᠪᠰᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ | ᠦᠨᠳᠦᠰᠦᠨ ᠡᠭᠦᠷᠭᠡ ᠪᠤᠯᠭᠠᠵᠤ ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠪᠠᠷ ᠦᠨᠳᠦᠰᠦᠨ | ᠬᠠᠷᠠᠯᠲᠠ ᠪᠤᠯᠭᠠᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠢᠯᠡᠴᠢᠯᠡᠬᠦ ᠪᠠᠷ ᠴᠢᠬᠤᠯᠠ ᠡᠭᠦᠷᠭᠡ ᠪᠤᠯᠭᠠᠵᠤ ᠂ ᠰᠤᠷᠭᠠᠨ | ᠬᠥᠮᠦᠵᠢᠯ ᠤᠨ ᠣᠶᠢᠯᠠᠭᠠᠭᠳᠠᠬᠤᠨ ᠂ ᠰᠢᠰᠲ᠋ᠧᠮ ᠂ ᠳᠦᠷᠢᠮ ᠂ ᠠᠭᠤᠯᠭ᠎ᠠ ᠂ ᠠᠷᠭ᠎ᠠ ᠂ ᠵᠠᠰᠠᠯᠲᠠ ᠶᠢᠨ ᠣᠳᠣᠬᠢᠴᠢᠯᠠᠯᠲᠠ ᠪᠠᠷ ᠦᠨᠳᠦᠰᠦᠨ ᠠᠷᠭ᠎ᠠ ᠵᠠᠮ ᠪᠤᠯᠭᠠᠵᠤ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠪᠠᠷ ᠭᠤᠣᠯ ᠦᠢᠯᠡᠳᠦᠯ ᠴᠢᠳᠠᠪᠤᠷᠢ ᠪᠤᠯᠭᠠᠬᠤ ᠬᠡᠷᠡᠭᠲᠡᠢ | ᠪᠠᠶᠢᠵᠤ ᠂ ᠡᠴᠦᠰ ᠤᠨ ᠬᠠᠷᠠᠯᠲᠠ ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠭᠦ ᠶᠠᠪᠤᠳᠠᠯ ᠪᠣᠯᠣᠨ᠎ᠠ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠶᠠᠮᠠᠷ ᠬᠥᠮᠥᠨ ᠢ ᠬᠥᠮᠥᠵᠢᠭᠦᠯᠬᠦ ᠂ ᠬᠥᠮᠥᠨ ᠢ ᠬᠡᠷᠬᠢᠨ ᠬᠥᠮᠥᠵᠢᠭᠦᠯᠬᠦ ᠂ ᠬᠡᠨ ᠤ ᠲᠥᠯᠥᠭᠡ ᠬᠥᠮᠥᠵᠢᠭᠦᠯᠬᠦ ᠪᠣᠯ ᠰᠤᠷᠭᠠᠨ | ᠬᠥᠮᠦᠵᠢᠯ ᠤᠨ ᠦᠨᠳᠦᠰᠦᠨ ᠠᠰᠠᠭᠤᠳᠠᠯ ᠪᠣᠯᠣᠨ᠎ᠠ ᠂ ᠪᠠᠰᠠ ᠴᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠤᠣᠯ ᠰᠡᠳᠦᠪ | ᠪᠣᠯᠣᠨ᠎ᠠ ᠃ ᠮᠠᠨ ᠤ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ | ᠪᠠ ᠵᠠᠯᠭᠠᠮᠵᠢᠯᠠᠭᠴᠢ ᠶᠢ ᠬᠥᠮᠥᠵᠢᠭᠦᠯᠵᠦ ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠶᠡᠭᠡ ᠬᠡᠷᠡᠭᠴᠡᠭᠡ ᠲᠠᠢ ᠂ ᠬᠦᠨᠳᠦ ᠡᠭᠦᠷᠭᠡ ᠶᠢ | ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ ᠦᠶ᠎ᠡ ᠦᠶ᠎ᠡ ᠶᠢᠨ ᠴᠢᠳᠠᠪᠤᠷᠢᠲᠠᠨ ᠢ ᠬᠥᠮᠥᠵᠢᠭᠦᠯᠵᠦ ᠂ ᠨᠠᠮ ᠤᠨ ᠦᠢᠯᠡᠰ ᠪᠠ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠬᠤ ᠶᠠᠪᠤᠳᠠᠯ ᠪᠣᠯᠣᠨ᠎ᠠ ᠃ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ | ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠬᠦᠴᠦᠯᠡᠨ | ᠴᠢᠩᠭᠠᠳᠬᠠᠵᠤ ᠂ ᠰᠤᠷᠤᠬᠴᠢᠳ ᠢ ᠬᠥᠲᠥᠯᠥᠨ ᠵᠢᠯᠤᠭᠤᠳᠴᠤ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠲᠠᠢ ᠪᠤᠯᠭᠠᠵᠤ ᠂ ᠡᠭᠦᠷᠢᠳᠡ ᠨᠠᠮ ᠤᠨ ᠦᠭᠡ ᠶᠢ | ᠰᠣᠨᠣᠰᠴᠤ ᠂ ᠨᠠᠮ ᠢᠶᠠᠨ ᠲᠠᠭᠠᠵᠤ ᠂ ᠤᠯᠤᠰ ᠪᠣᠯᠣᠨ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ ᠪᠤᠯᠭᠠᠬᠤ ᠬᠡᠷᠡᠭᠲᠡᠢ ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ | ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠠᠬᠢᠭᠤᠯᠵᠤ ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ | ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠰᠦᠯᠵᠢᠶ᠎ᠡ ᠪᠠᠷ ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ ᠂ ᠢᠨᠲ᠋ᠧᠷ ᠰᠦᠯᠵᠢᠶᠡᠨ ᠤ ᠴᠠᠭ | ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ | ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ ᠠᠮᠢᠨ ᠰᠤᠳᠠᠰᠤ ᠪᠤᠯᠭᠠᠬᠤ ᠶᠢ | ᠪᠠᠷᠢᠮᠲᠠᠯᠠᠵᠤ ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠶᠢᠨ ᠦᠨᠳᠦᠰᠦᠨ ᠴᠡᠭ ᠨᠢ ᠰᠠᠭᠤᠷᠢ ᠰᠤᠷᠭᠠᠨ ᠬᠥᠮᠦᠵᠢᠯ ᠳᠤ ᠪᠤᠢ ᠃ ᠰᠠᠭᠤᠷᠢ ᠰᠤᠷᠭᠠᠨ ᠬᠥᠮᠦᠵᠢᠯ ᠢ ᠬᠡᠳᠦᠢ ᠯᠠᠪᠳᠠᠭᠤᠨ | ᠪᠠᠲᠤᠲᠠᠢ ᠬᠢᠬᠦ ᠲᠤᠲᠤᠮ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠠᠯᠬᠤᠴᠠ ᠲᠡᠳᠦᠢ ᠯᠠᠪᠳᠠᠭᠤᠨ ᠪᠣᠯᠵᠤ ᠂ ᠨᠥᠭᠡᠴᠡ ᠬᠦᠴᠦᠨ ᠨᠢ ᠲᠡᠳᠦᠢ | ᠲᠡᠭᠦᠯᠳᠡᠷ ᠪᠣᠯᠣᠨ᠎ᠠ ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ | ᠬᠥᠳᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠨᠢ ᠰᠤᠷᠤᠬᠴᠢᠳ ᠤᠨ ᠮᠡᠳᠡᠯᠭᠡ ᠶᠢᠨ ᠰᠠᠭᠤᠷᠢ ᠶᠢ | ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠤᠷᠤᠬᠴᠢᠳ ᠤᠨ ᠰᠢᠨᠵᠢᠯᠡᠬᠦ ᠤᠬᠠᠭᠠᠨ ᠢ ᠡᠷᠭᠢᠮᠯᠡᠭᠦ ᠂ ᠥᠯᠥ ᠮᠡᠳᠡᠬᠦ ᠵᠦᠢᠯ ᠢ ᠰᠡᠳᠬᠢᠨ ᠰᠦᠪᠡᠭᠴᠢᠯᠡᠬᠦ ᠳᠤᠷ᠎ᠠ | ᠰᠣᠨᠢᠷᠬᠠᠯ ᠢ ᠬᠥᠭᠵᠢᠭᠡᠵᠦ ᠂ ᠲᠡᠳᠡᠨ ᠤ ᠰᠡᠳᠬᠢᠨ ᠰᠦᠪᠡᠭᠴᠢᠯᠡᠬᠦ ᠴᠢᠨᠠᠷᠲᠠᠢ ᠂ ᠰᠢᠨ᠎ᠡ ᠶᠢ ᠡᠭᠦᠳᠬᠦ ᠴᠢᠨᠠᠷᠲᠠᠢ ᠰᠡᠳᠬᠢᠬᠦᠢ ᠶᠢᠨ ᠬᠡᠪ ᠴᠢᠨᠠᠷ ᠢ | ᠬᠥᠮᠥᠵᠢᠭᠦᠯᠦᠨ᠎ᠡ ᠃ ᠨᠡᠶᠢᠭᠡᠮ ᠳᠠᠶᠠᠭᠠᠷ ᠲᠤ ᠰᠢᠨᠵᠢᠯᠡᠬᠦ ᠤᠬᠠᠭᠠᠨᠴᠢ ᠴᠢᠳᠠᠪᠤᠷᠢᠲᠠᠨ ᠤ ᠦᠵᠡᠯᠲᠡ ᠂ ᠴᠢᠳᠠᠪᠤᠷᠢᠲᠠᠨ ᠪᠤᠯᠬᠤ ᠦᠵᠡᠯᠲᠡ ᠂ ᠰᠤᠷᠭᠠᠨ | ᠬᠥᠮᠦᠵᠢᠯ ᠤᠨ ᠦᠵᠡᠯᠲᠡ ᠶᠢ ᠪᠤᠢ ᠪᠤᠯᠭᠠᠵᠤ ᠂ ᠰᠤᠷᠭᠠᠨ ᠬᠥᠮᠦᠵᠢᠯ ᠤᠨ ᠠᠰᠢᠭ ᠬᠠᠷᠠᠬᠤ ᠬᠡᠯᠪᠡᠷᠢᠯ ᠢ ᠲᠦᠷᠭᠡᠪᠴᠢᠯᠡᠨ ᠬᠤᠪᠢᠷᠠᠭᠤᠯᠵᠤ ᠂ ᠰᠤᠷᠭᠠᠨ | ᠬᠥᠮᠦᠵᠢᠯ ᠤᠨ ᠡᠷᠡᠭᠦᠯ ᠰᠠᠷᠠᠭᠤᠯ ᠣᠷᠴᠢᠨ ᠨᠥᠬᠦᠴᠡᠯ ᠪᠠ ᠠᠮᠢ ᠠᠬᠤᠢ ᠶᠢ ᠪᠤᠢ ᠪᠤᠯᠭᠠᠬᠤ ᠬᠡᠷᠡᠭᠲᠡᠢ ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠳᠤ ᠂ ᠳᠠᠭᠠᠭᠤᠯᠤᠭᠴᠢ ᠨᠢ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠣᠨ᠎ᠠ ᠃ ᠳᠤᠮᠳᠠᠳᠤ ᠤᠯᠤᠰ ᠤᠨ ᠣᠨᠴᠠᠯᠢᠭ ᠲᠠᠢ ᠂ | ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠬᠤ ᠶᠢ ᠴᠢᠬᠤᠯᠠ ᠠᠴᠠ ᠴᠢᠬᠤᠯᠠ | ᠵᠦᠢᠯ ᠪᠤᠯᠭᠠᠵᠤ ᠂ ᠰᠠᠭᠤᠷᠢ ᠰᠢᠨᠵᠢᠯᠡᠭᠡᠨ ᠤ ᠰᠠᠯᠠᠭ᠎ᠠ ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ ᠂ ᠰᠣᠯᠪᠢᠴᠠᠭᠰᠠᠨ ᠰᠢᠨᠵᠢᠯᠡᠭᠡᠨ ᠤ ᠰᠠᠯᠠᠭᠠᠨ ᠤ | ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ ᠂ ᠳᠡᠯᠡᠬᠡᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠤᠰᠢᠭᠤᠷᠠᠯ ᠪᠠ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠴᠢᠭᠯᠡᠭᠦᠯᠦᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠶᠢ ᠠᠬᠢᠭᠤᠯᠵᠤ ᠂ ᠠᠩᠬᠠᠨ ᠤ | ᠰᠢᠨ᠎ᠡ ᠶᠢ ᠡᠭᠦᠳᠬᠦ ᠴᠢᠳᠠᠪᠤᠷᠢ ᠪᠠ ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠪᠦᠭᠦ | ᠠᠷᠠᠳ ᠢᠶᠠᠷ ᠢᠶᠠᠨ ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ ᠭᠡᠯᠪᠡᠷᠢ ᠶᠢᠨ ᠨᠡᠶᠢᠭᠡᠮ ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ ᠪᠦᠲᠦᠭᠡᠨ | ᠪᠠᠶᠢᠭᠤᠯᠵᠤ ᠂ ᠬᠥᠮᠥᠨ ᠪᠦᠭᠦᠨ ᠰᠤᠷᠤᠯᠴᠠᠬᠤ ᠂ ᠭᠠᠵᠠᠷ ᠪᠣᠯᠭᠠᠨ ᠳᠤ ᠰᠤᠷᠤᠯᠴᠠᠵᠤ ᠳᠡᠶᠢᠯᠭᠦ ᠂ ᠴᠠᠭ ᠢᠮᠠᠭᠲᠠ ᠰᠤᠷᠤᠯᠴᠠᠵᠤ ᠪᠤᠯᠬᠤ ᠶᠢ ᠠᠬᠢᠭᠤᠯᠵᠤ ᠂ | ᠠᠷᠠᠳ ᠢᠷᠭᠡᠳ ᠤᠨ ᠰᠤᠷᠭᠠᠨ ᠬᠥᠮᠦᠵᠢᠯ ᠭᠦᠷᠲᠡᠭᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ | ᠴᠢᠬᠤᠯᠠ ᠡᠭᠦᠷᠭᠡ ᠪᠤᠯᠭᠠᠬᠤ ᠬᠡᠷᠡᠭᠲᠡᠢ ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠂ | ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠳᠣᠲᠣᠭᠠᠳᠤ ᠨᠢᠭᠡᠳᠦᠯᠲᠦ ᠴᠢᠨᠠᠷ ᠪᠠ ᠬᠠᠷᠢᠯᠴᠠᠨ ᠲᠤᠯᠭᠠᠭᠤᠷᠢᠯᠠᠬᠤ ᠴᠢᠨᠠᠷ ᠲᠠᠢ | ᠪᠠᠶᠢᠳᠠᠭ ᠂ ᠡᠨᠡ ᠭᠤᠷᠪᠠ ᠶᠢ ᠣᠷᠭᠠᠨᠢᠭ ᠢᠶᠠᠷ ᠤᠶᠠᠯᠳᠤᠭᠤᠯᠵᠤ ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠤᠪᠢ ᠳᠠᠭᠢᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠂ ᠢᠨᠵᠧᠨᠧᠷᠢᠩ ᠤᠨ | ᠰᠤᠷᠭᠠᠨ ᠬᠥᠮᠦᠵᠢᠯ ᠢ ᠴᠢᠨᠠᠭᠰᠢᠳᠠ ᠴᠢᠩᠭᠠᠳᠬᠠᠵᠤ ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠢ | ᠴᠢᠩᠭᠠᠳᠬᠠᠵᠤ ᠂ ᠮᠠᠨ ᠤ ᠤᠯᠤᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ | ᠬᠡᠷᠡᠭᠲᠡᠢ ᠃ ᠮᠠᠨ ᠤ ᠤᠯᠤᠰ ᠤᠨ ᠡᠯ᠎ᠡ ᠲᠠᠯ᠎ᠠ ᠶᠢᠨ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠳᠤᠲᠠᠭᠤᠳᠠᠯ ᠤᠨ ᠪᠠᠶᠢᠳᠠᠯ ᠢ ᠰᠢᠰᠲ᠋ᠧᠮ ᠲᠠᠢ | ᠵᠠᠳᠠᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠂ ᠤᠯᠤᠰ ᠤᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ | ᠲᠣᠬᠢᠷᠠᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠪᠠ ᠪᠠᠴᠢᠮ | ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠠᠷᠠᠯᠲᠠ ᠲᠠᠢ ᠪᠠᠷ ᠬᠥᠮᠥᠵᠢᠭᠦᠯᠵᠦ ᠂ ᠰᠤᠷᠭᠠᠨ ᠬᠥᠮᠦᠵᠢᠯ ᠠᠴᠠ ᠴᠢᠨᠠᠷ ᠰᠠᠶᠢᠲᠠᠢ ᠬᠥᠭᠵᠢᠯᠲᠡ ᠳᠤ | ᠦᠵᠡᠭᠦᠯᠭᠦ ᠲᠤᠯᠭᠠᠭᠤᠷᠢᠯᠠᠬᠤ ᠬᠦᠴᠦᠨ ᠪᠠ ᠬᠤᠪᠢ ᠨᠡᠮᠡᠷᠢ ᠦᠵᠡᠭᠦᠯᠭᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠂ ᠦᠷᠭᠦᠯᠵᠢᠯᠡᠯ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ ᠂ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ ᠂ ᠰᠢᠨᠵᠢᠯᠡᠬᠦ | ᠤᠬᠠᠭᠠᠨ ᠪᠠ ᠰᠤᠷᠭᠠᠨ ᠬᠥᠮᠦᠵᠢᠯ ᠢ ᠬᠠᠮᠵᠢᠯᠴᠠᠭᠤᠯᠬᠤ ᠶᠢ ᠠᠬᠢᠭᠤᠯᠵᠤ ᠂ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠂ | ᠶᠡᠭᠡ ᠤᠯᠤᠰ ᠤᠨ ᠤᠷᠠᠨ ᠳᠠᠷᠬᠠᠨ ᠂ ᠮᠡᠷᠭᠡᠰᠢᠭᠰᠡᠨ ᠳᠠᠷᠬᠠᠨ ᠢ ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠤᠯᠬᠤ ᠨᠢ ᠰᠢᠰᠲ᠋ᠧᠮᠲᠦ ᠴᠢᠨᠠᠷᠲᠠᠢ | ᠳᠠᠪᠠᠯᠲᠠ ᠪᠠ ᠴᠢᠨᠠᠷ ᠤᠨ ᠬᠤᠪᠢᠷᠠᠯᠲᠠ ᠪᠠᠶᠢᠵᠤ ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠬᠤ ᠬᠡᠷᠡᠭᠲᠡᠢ ᠃ | ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ ᠂ ᠬᠥᠮᠥᠨ ᠬᠥᠮᠥᠵᠢᠭᠦᠯᠬᠦ ᠭᠡᠯᠪᠡᠷᠢ ᠂ ᠰᠤᠷᠭᠠᠭᠤᠯᠢ ᠡᠷᠭᠢᠯᠡᠭᠦ ᠵᠠᠭᠪᠤᠷ ᠂ ᠬᠠᠮᠢᠶᠠᠷᠤᠯᠲᠠ ᠶᠢᠨ ᠪᠠᠶᠢᠭᠤᠯᠤᠮᠵᠢ ᠂ | ᠪᠠᠲᠤᠯᠠᠭ᠎ᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠪᠣᠯᠣᠨ ᠪᠠᠶᠢᠭᠤᠯᠤᠮᠵᠢ ᠲᠣᠭᠲᠠᠴᠠ ᠶᠢᠨ ᠭᠡᠮ | ᠠᠷᠬᠠᠭ ᠢ ᠡᠷᠡᠰ ᠠᠷᠢᠯᠭᠠᠵᠤ ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ | ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢ ᠰᠤᠷᠭᠠᠨ ᠬᠥᠮᠦᠵᠢᠯ ᠤᠨ | ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠬᠠᠵᠤ ᠂ ᠰᠤᠷᠭᠠᠨ ᠬᠥᠮᠦᠵᠢᠯ ᠤᠨ ᠬᠤᠳᠠ | ᠬᠥᠳᠡᠭᠡ ᠂ ᠣᠷᠣᠨ ᠪᠦᠰᠡ ᠂ ᠰᠤᠷᠭᠠᠭᠤᠯᠢ ᠂ ᠬᠥᠮᠥᠰ ᠤᠨ ᠬᠤᠭᠤᠷᠤᠨᠳᠤᠭᠢ ᠵᠥᠷᠢᠶ᠎ᠡ ᠶᠢ ᠪᠠᠭᠠᠰᠬᠠᠵᠤ ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ | ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ ᠴᠢᠷᠮᠠᠶᠢᠵᠤ ᠂ ᠤᠯᠠᠨ ᠲᠦᠮᠡᠨ ᠤ ︽ᠰᠤᠷᠭᠠᠭᠤᠯᠢ ᠳᠤ ᠰᠠᠭᠤᠬᠤ ︾ ᠬᠡᠷᠡᠭᠴᠡᠭᠡ ᠶᠢ ᠨᠡᠩ ᠰᠠᠶᠢᠲᠤᠷ | ᠬᠠᠩᠭᠠᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠤᠯᠠᠨ ᠡᠰᠢᠲᠦ | ᠭᠤᠣᠯ ᠴᠣᠭᠴᠠ ᠶᠢᠨ ᠣᠷᠣᠯᠴᠠᠬᠰᠠᠨ ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ ᠂ ᠳᠡᠯᠡᠬᠡᠢ ᠶᠢᠨ ᠲᠦᠪᠰᠢᠨ ᠪᠦᠬᠦᠢ ᠰᠤᠷᠭᠠᠨ | ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ ᠂ | ᠵᠥᠪ ᠤᠯᠤᠰ ᠲᠦᠷᠦ ᠶᠢᠨ ᠴᠢᠭᠯᠡᠯ ᠪᠠ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ ᠂ ᠦᠨᠳᠦᠰᠦ ᠶᠢ ᠪᠣᠶᠢᠵᠢᠭᠤᠯᠵᠤ ᠰᠦᠭ ᠰᠦᠨᠡᠰᠦ ᠶᠢ ᠱᠤᠭᠤᠬᠤ ᠂ | ᠤᠶᠤᠨ ᠤᠬᠠᠭᠠᠨ ᠢ ᠰᠡᠩᠬᠡᠷᠡᠭᠦᠯᠦᠨ ᠨᠡᠮᠡᠭᠳᠡᠭᠦᠯᠬᠦ ᠰᠣᠳᠣᠨ ᠵᠢᠭᠠᠬᠤ ᠮᠠᠲ᠋ᠧᠷᠢᠶᠠᠯ ᠢ ᠰᠡᠳᠬᠢᠯ ᠲᠠᠯᠪᠢᠨ ᠵᠣᠬᠢᠶᠠᠬᠤ ᠬᠡᠷᠡᠭᠲᠡᠢ ᠃ ᠰᠤᠷᠭᠠᠨ ᠬᠥᠮᠦᠵᠢᠯ ᠤᠨ | ᠲᠣᠭᠠᠴᠢᠯᠠᠯᠲᠠ ᠪᠣᠯ ᠮᠠᠨ ᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠪᠠ ᠰᠤᠷᠭᠠᠨ ᠬᠥᠮᠦᠵᠢᠯ ᠤᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ ᠴᠢᠬᠤᠯᠠ ᠰᠢᠪᠲᠤᠯᠤᠯᠲᠠ ᠶᠢᠨ ᠴᠡᠭ ᠮᠥᠨ ᠃ ᠲᠣᠭᠠᠴᠢᠯᠠᠭᠰᠠᠨ ᠰᠤᠷᠭᠠᠨ ᠬᠥᠮᠦᠵᠢᠯ ᠢ ᠴᠢᠨᠠᠭᠰᠢᠳᠠ | ᠠᠬᠢᠭᠤᠯᠵᠤ ᠂ ᠥᠪᠡᠷᠮᠢᠴᠡ ᠣᠨᠴᠠᠯᠢᠭ ᠲᠠᠢ ᠰᠤᠷᠤᠯᠴᠠᠬᠤ ᠂ ᠨᠠᠰᠤᠨ ᠲᠤᠷᠰᠢᠲᠠ ᠰᠤᠷᠤᠯᠴᠠᠬᠤ ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠬᠠᠮᠤᠷᠬᠤ ᠬᠡᠪᠴᠢᠶ᠎ᠡ ᠶᠢ ᠥᠷᠭᠡᠳᠬᠡᠬᠦ ᠪᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢᠨ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ ᠂ ︽ | ᠣᠷᠣᠭᠤᠯᠤᠨ ᠠᠪᠴᠢᠷᠠᠬᠤ ︾ ᠪᠠ ︽ᠭᠠᠳᠠᠭᠰᠢ ᠭᠠᠷᠭᠠᠬᠤ ︾ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ ᠂ ᠳᠡᠯᠡᠬᠡᠢ ᠶᠢᠨ | ᠲᠡᠷᠢᠭᠦᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠣᠨ ᠰᠢᠨ᠎ᠡ ᠶᠢ ᠡᠭᠦᠳᠬᠦ ᠡᠯᠧᠮᠧᠨ᠋ᠲ ᠢ ᠪᠦᠲᠦᠮᠵᠢᠲᠡᠢ ᠠᠰᠢᠭᠯᠠᠵᠤ ᠂ ᠮᠠᠨ ᠤ ᠤᠯᠤᠰ ᠢᠶᠠᠨ | ᠬᠦᠴᠦᠷᠬᠡᠭ ᠶᠡᠭᠡ ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠴᠢᠬᠤᠯᠠ ᠰᠤᠷᠭᠠᠨ ᠬᠥᠮᠦᠵᠢᠯ ᠤᠨ ᠲᠥᠪ ᠪᠤᠯᠭᠠᠬᠤ ᠬᠡᠷᠡᠭᠲᠡᠢ ᠃ ᠪᠦᠭᠦ ᠪᠥᠮᠪᠥᠷᠴᠡᠭ ᠤᠨ | ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ ᠂ ︽ᠭᠠᠳᠠᠭᠠᠳᠤ ᠳᠤ ᠰᠤᠷᠤᠯᠴᠠᠬᠤ ᠳᠤᠮᠳᠠᠳᠤ ᠤᠯᠤᠰ ︾ ᠤᠨ ᠲᠦᠷᠦᠯ ᠲᠡᠮᠳᠡᠭ ᠤᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ ᠂ ᠳᠤᠮᠳᠠᠳᠤ ᠤᠯᠤᠰ ᠤᠨ ᠲᠤᠷᠰᠢᠯᠭ᠎ᠠ ᠶᠢ ᠳᠠᠮᠵᠢᠭᠤᠯᠵᠤ ᠂ | ᠳᠤᠮᠳᠠᠳᠤ ᠤᠯᠤᠰ ᠤᠨ ᠳᠠᠭᠤᠨ ᠢ ᠳᠠᠭᠤᠷᠢᠰᠢᠭᠤᠯᠵᠤ ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠦᠭᠡ | ᠬᠡᠯᠡᠬᠦ ᠡᠷᠬᠡ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢᠨ ᠡᠩᠨᠡᠭᠡ ᠶᠢ ᠬᠦᠴᠦᠷᠬᠡᠭᠵᠢᠭᠦᠯᠬᠦ ᠬᠡᠷᠡᠭᠲᠡᠢ ᠃ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠬᠠᠮᠤᠭ ᠤᠨ | ᠴᠢᠬᠤᠯᠠ ᠰᠠᠭᠤᠷᠢ ᠠᠵᠢᠯ ᠪᠣᠯᠭᠠᠨ ᠠᠳᠬᠤᠵᠤ ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠵᠦ ᠂ | ᠡᠷᠬᠢᠮ ᠳᠡᠭᠡᠳᠦ ᠮᠣᠷᠠᠯ ᠲᠠᠢ ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠂ ᠪᠦᠲᠦᠴᠡ ᠵᠣᠬᠢᠰᠲᠠᠢ ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠭᠡ ᠪᠠᠷ ᠬᠥᠮᠥᠵᠢᠭᠦᠯᠬᠦ ᠬᠡᠷᠡᠭᠲᠡᠢ ᠃ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ | ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠵᠤ ᠂ ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ ᠂ ᠨᠡᠶᠢᠭᠡᠮ ᠤᠨ ᠪᠠᠶᠢᠷᠢ ᠰᠠᠭᠤᠷᠢ ᠂ ᠠᠵᠢᠯ | ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ ᠂ ᠪᠠᠭᠰᠢ ᠶᠢ ᠨᠡᠶᠢᠭᠡᠮ ᠤᠨ ᠬᠦᠨᠳᠦᠳᠬᠡᠯ ᠢ ᠬᠠᠮᠤᠭ ᠤᠨ ᠶᠡᠭᠡ ᠣᠯᠣᠭᠰᠠᠨ ᠠᠵᠢᠯ ᠮᠡᠷᠭᠡᠵᠢᠯ ᠤᠨ ᠨᠢᠭᠡ | ᠪᠤᠯᠭᠠᠵᠤ ᠂ ᠰᠢᠯᠢᠳᠡᠭ ᠴᠢᠳᠠᠪᠤᠷᠢᠲᠠᠨ ᠤ ᠬᠠᠯᠠᠭᠤᠨ ᠰᠡᠳᠬᠢᠯ ᠢᠶᠠᠷ ᠪᠠᠭᠰᠢᠯᠠᠬᠤ ᠂ ᠨᠠᠷᠢᠨ ᠨᠢᠮᠪᠠᠢ ᠪᠠᠭᠰᠢᠯᠠᠬᠤ ᠂ ᠤᠷᠳᠤ ᠬᠤᠭᠤᠴᠠᠭ᠎ᠠ ᠪᠠᠷ ᠪᠠᠭᠰᠢᠯᠠᠬᠤ ᠂ | ᠨᠠᠰᠤᠨ ᠲᠤᠷᠰᠢᠲᠠ ᠪᠠᠭᠰᠢᠯᠠᠬᠤ ᠶᠢ ᠳᠡᠮᠵᠢᠬᠦ ᠪᠠ ᠲᠠᠲᠠᠬᠤ ᠬᠡᠷᠡᠭᠲᠡᠢ ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠂ | ᠥᠷᠭᠡᠨ ᠣᠯᠠᠨ ᠪᠠᠭᠰᠢ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠂ ᠶᠣᠰᠣ ᠰᠤᠷᠲᠠᠬᠤᠨ ᠦᠵᠡᠯ ᠰᠡᠳᠬᠢᠯᠭᠡ ᠪᠠᠨ ᠪᠤᠯᠪᠠᠰᠤᠷᠠᠭᠤᠯᠵᠤ ᠂ | ᠯᠠᠪᠳᠠᠭᠤᠨ ᠪᠠᠲᠤᠲᠠᠢ ᠡᠷᠳᠡᠮ ᠮᠡᠳᠡᠯᠭᠡ ᠶᠢ ᠡᠵᠡᠮᠰᠢᠵᠦ ᠂ ᠥᠷᠥᠰᠢᠶᠡᠯ ᠬᠠᠶᠢᠷ᠎ᠠ ᠶᠢᠨ ᠰᠡᠳᠬᠢᠯ ᠢᠶᠠᠨ ᠦᠷᠭᠦᠯᠵᠢ ᠵᠠᠰᠠᠵᠤ ᠂ ︽ᠰᠤᠷᠭᠠᠨ ᠬᠥᠮᠦᠵᠢᠯ ᠤᠨ | ᠦᠢᠯᠡᠰ ᠲᠤ ᠬᠢᠴᠢᠶᠡᠩᠭᠦᠶᠢᠯᠡᠨ ᠵᠢᠳᠬᠦᠵᠦ ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ ︾ ᠭᠡᠬᠦ ᠵᠣᠷᠢᠭ ᠪᠠ ᠬᠦᠰᠡᠯᠡᠩ ᠢ ᠪᠤᠢ ᠪᠤᠯᠭᠠᠵᠤ ᠂ | ᠭᠤᠷᠪᠠᠨ ᠲᠣᠬᠤᠢ ᠬᠢᠴᠢᠶᠡᠯ ᠤᠨ ᠲᠠᠶᠢᠰᠠ ᠶᠢ ᠪᠠᠲᠤ ᠰᠠᠬᠢᠵᠤ ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠬᠥᠮᠥᠵᠢᠭᠦᠯᠬᠦ ᠶᠢ ᠬᠥᠲᠥᠯᠥᠨ ᠵᠢᠯᠤᠭᠤᠳᠬᠤ | ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ | ᠨᠡᠶᠢᠭᠡᠮ ᠤᠨ ᠬᠠᠮᠲᠤ ᠶᠢᠨ ᠡᠭᠦᠷᠭᠡ ᠮᠥᠨ ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ ᠂ ᠨᠠᠮ ᠵᠠᠰᠠᠭ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠂ ᠰᠠᠯᠠᠭ᠎ᠠ ᠮᠥᠴᠢᠷ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ ᠃ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ ᠂ ᠵᠣᠬᠢᠶᠠᠨ | ᠪᠠᠶᠢᠭᠤᠯᠵᠤ ᠤᠳᠤᠷᠢᠳᠬᠤ ᠂ ᠬᠥᠭᠵᠢᠯᠲᠡ ᠶᠢᠨ ᠲᠥᠯᠦᠪᠵᠢᠭᠦᠯᠭᠡ ᠂ ᠡᠬᠢ ᠪᠠᠶᠠᠯᠢᠭ ᠤᠨ ᠪᠠᠲᠤᠯᠠᠭ᠎ᠠ ᠂ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ ᠃ ᠰᠤᠷᠭᠠᠭᠤᠯᠢ ᠂ ᠭᠡᠷ ᠪᠦᠯᠢ ᠂ ᠨᠡᠶᠢᠭᠡᠮ ᠨᠢᠭᠲᠠ ᠬᠠᠮᠲᠤᠷᠠᠯᠴᠠᠵᠤ ᠂ ᠠᠳᠠᠯᠢ ᠴᠢᠭᠯᠡᠯ ᠢᠶᠠᠷ ᠬᠦᠴᠦᠯᠡᠵᠦ ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠦᠢᠯᠡᠳᠦᠯᠭᠡ ᠳᠤ ᠢᠳᠡᠪᠬᠢᠲᠡᠢ ᠣᠷᠣᠯᠴᠠᠵᠤ ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠰ ᠢ ᠬᠠᠮᠲᠤ ᠪᠠᠷ ᠰᠠᠶᠢᠲᠤᠷ | ᠡᠷᠭᠢᠯᠡᠭᠦ ᠬᠡᠷᠡᠭᠲᠡᠢ ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢᠲᠡᠭᠡᠯ ᠵᠣᠷᠢᠭ ᠢᠶᠠᠨ ᠪᠠᠲᠤᠳᠬᠠᠨ ᠂ ᠤᠳᠠᠭᠠᠨ ᠳᠠᠭᠠᠭᠠᠮᠠᠭᠠᠢ ᠵᠢᠳᠬᠦᠵᠦ ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠤᠨ ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃ | ︵ ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ ︶ | | | |