ᠪᠤᠷᠤᠯᠲᠠᠢ ᠨᠠᠰᠤᠲᠠᠨ ᠨᠤᠲᠤᠭ ᠢᠶᠠᠨ ᠡᠷᠬᠢᠨ ᠦᠵᠡᠯ᠎ᠡ
ᠨᠡᠶᠢᠲᠡᠯᠡᠭᠰᠡᠨ ᠴᠠᠭ᠄
2023/6/1
      ︽6.1︾ ᠤ ᠲᠡᠯᠡᠭᠡᠢ ᠶᠢᠨ ᠪᠠᠭᠠᠴᠤᠳ ᠭᠡᠤᠭᠡᠳ ᠤᠨ ᠪᠠᠶᠠᠷ ᠤᠨ ᠡᠳᠤᠷ ᠬᠦᠷᠴᠦ ᠢᠷᠡᠭᠦ ᠲᠠᠰᠢᠷᠠᠮ ᠢᠶᠠᠷ᠂ ᠪᠥᠭᠦ ᠤᠯᠤᠰ ᠤᠨ ᠬᠦᠳᠡᠯᠮᠤᠷᠢ ᠶᠢᠨ ᠵᠢᠱᠢᠶᠠᠴᠢ ︽ᠮᠠᠯᠵᠢᠬᠤ ᠳ᠋ᠠᠵᠠᠢ︾ ᠶᠢᠨ ᠲᠠᠭᠠᠭᠤᠯᠤᠭᠴᠢ ᠪᠤᠷᠤᠯᠳᠠᠢ ᠨᠠᠰᠤᠳᠠᠨ ᠦᠰᠴᠤ ᠲᠥᠷᠥᠭᠰᠡᠨ ᠨᠣᠳᠤᠭ ᠲᠤ ᠪᠠᠨ ᠢᠷᠡᠵᠦ ᠦᠤᠰᠢᠨᠵᠤᠤ ᠭᠡᠤᠭᠡᠳ ᠤᠨ ᠴᠡᠴᠡᠷᠯᠢᠭ ᠤᠨ ᠰᠤᠷᠤᠭᠴᠢᠳ ᠲᠠᠢ ᠬᠠᠮᠳᠤ ᠮᠤᠲᠤ ᠲᠠᠷᠢᠵᠤ ︽ᠮᠠᠯᠵᠢᠬᠤ ᠳ᠋ᠠᠵᠠᠢ︾ ᠶᠢᠨ ᠵᠤᠷᠢᠭ ᠰᠠᠨᠠᠭ᠎ᠠ ᠪᠤᠯᠤᠨ ᠠᠮᠢ ᠠᠬᠤᠢ ᠤᠷᠴᠢᠨ ᠲᠤᠭᠤᠷᠢᠨ ᠢᠶᠠᠨ ᠬᠠᠶᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠰᠤᠷᠤᠭᠴᠢᠳ ᠲᠤ ᠤᠯᠠᠮᠵᠢᠯᠠᠭᠰᠠᠨ ᠪᠠᠶᠢᠨ᠎ᠠ᠃
3.jpg
1.png
2.png
      ᠪᠤᠷᠤᠯᠲᠠᠢ ᠨᠠᠰᠤᠲᠠᠨ ᠪᠠᠰᠠ ᠲᠤᠬᠠᠢ ᠶᠢᠨ ᠦᠶ᠎ᠡ ᠳᠤ ᠤᠶᠢᠵᠢᠭᠤᠯᠤᠯᠲᠠ ᠬᠢᠵᠤ ᠪᠠᠶᠢᠭᠰᠠᠨ ᠭᠠᠵᠠᠷ ᠢᠶᠠᠷ ᠲᠤᠭᠤᠷᠢᠨ ᠦᠵᠡᠵᠤ᠂ ᠰᠤᠷᠤᠭᠴᠢᠳ ᠲᠤ ᠲᠤᠬᠠᠢ ᠶᠢᠨ ᠦᠶ᠎ᠡ ᠳᠤ ᠡᠯᠡᠰᠦ ᠮᠠᠩᠬ᠎ᠠ ᠶᠢ ᠨᠤᠭᠤᠭᠠᠷᠠᠭᠤᠯᠬᠤ ᠳᠤ ᠲᠤᠯᠭᠠᠷᠠᠵᠤ ᠪᠠᠶᠢᠭᠰᠠᠨ ᠬᠦᠴᠢᠷᠳᠡᠯ ᠪᠤᠯᠤᠨ ᠦᠩᠭᠡᠷᠡᠯᠲᠡ ᠪᠠᠨ ᠶᠠᠷᠢᠵᠤ ᠪᠠᠭᠠᠴᠤᠳ ᠬᠡᠤᠭᠡᠳ ᠤᠨ ᠠᠮᠢ ᠠᠬᠤᠢ ᠤᠷᠴᠢᠨ ᠲᠤᠭᠤᠷᠢᠨ ᠢᠶᠠᠨ ᠬᠠᠮᠠᠭᠠᠯᠠᠬᠤ ᠵᠢᠴᠢ ᠡᠷᠡᠬᠦᠯ ᠢᠶᠠᠷ ᠦᠰᠦᠨ ᠪᠤᠶᠢᠵᠢᠬᠤ ᠶᠢ ᠬᠦᠰᠡᠭᠰᠡᠨ ᠪᠠᠶᠢᠨ᠎ᠠ᠃                          ᠰᠤᠷᠪᠤᠯᠵᠢᠯᠠᠭᠴᠢ᠄ ᠪᠤᠶᠠᠨᠳᠤ
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ