ᠰᠢᠨ᠎ᠡ ᠪᠥᠯᠬᠦᠮ ᠳᠠᠭᠠᠭᠤᠯᠤᠨ ᠳᠤᠮᠳᠠᠳᠤ ᠤᠯᠤᠰ ᠤᠨ ᠨᠡᠭᠦᠷᠡᠰᠦᠨ ᠤ ᠪᠠᠷᠠᠭᠤᠨ ᠬᠤᠶᠢᠲᠤ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠭᠤᠣᠯᠳᠠᠯᠭ᠎ᠠ ᠲᠠᠢ ᠠᠵᠢᠯ ᠢ ᠵᠥᠪᠳᠡᠯᠴᠡᠭᠰᠠᠨ ᠪᠠᠶᠢᠨ᠎ᠠ
ᠨᠡᠶᠢᠲᠡᠯᠡᠭᠰᠡᠨ ᠴᠠᠭ᠄
2023/6/2
      6 ᠰᠠᠷ᠎ᠠ ᠶᠢᠨ 1 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠰᠢᠨ᠎ᠡ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠨᠡᠭᠦᠷᠡᠰᠦᠨ ᠤ ᠪᠠᠷᠠᠭᠤᠨ ᠬᠤᠶᠢᠲᠤ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠭᠤᠣᠯᠳᠠᠯᠭ᠎ᠠ ᠲᠠᠢ ᠠᠵᠢᠯ ᠢ ᠵᠥᠪᠳᠡᠯᠴᠠᠭᠦ ᠶᠢᠨ ᠬᠠᠮᠲᠤ ᠰᠠᠭᠤᠳᠠᠯ ᠤᠨ ᠬᠤᠷᠠᠯ ᠭᠢᠵᠤ ᠳᠤᠮᠳᠠᠳᠤ ᠤᠯᠤᠰ ᠤᠨ ᠨᠡᠭᠦᠷᠡᠰᠦᠨ ᠤ ᠪᠠᠷᠠᠭᠤᠨ ᠬᠤᠶᠢᠲᠤ ᠶᠢᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠵᠦ ᠸᠧᠨ ᠯᠢᠶᠠᠩ᠂ ᠬᠤᠰᠢᠭᠤ ᠳᠡᠳ᠋ ᠳᠠᠷᠤᠭ᠎ᠠ ᠠᠯᠲᠠᠨᠴᠢᠯᠠᠭᠤ ᠪᠤᠯᠤᠨ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠪᠤᠷᠭ᠎ᠠ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠨᠡᠭᠦᠷᠡᠰᠦᠨ ᠤ ᠲᠤᠭ ᠤᠨ ᠪᠣᠬᠢᠷᠲᠤᠯ ᠦᠭᠡᠢ ᠲᠤᠤᠷ᠎ᠠ ᠨᠠᠭᠦᠷᠠᠰᠤᠳᠥ᠋ᠷᠥᠭᠴᠢᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠤᠨ ᠦᠦᠰᠢᠨ ᠬᠤᠰᠢᠭᠤᠨ ᠳᠠᠬᠢ ᠭᠤᠣᠯᠳᠠᠯᠭ᠎ᠠ ᠲᠠᠢ ᠳᠦᠷᠦᠯ ᠵᠦᠢᠯ ᠢ ᠠᠬᠢᠭᠤᠯᠬᠤ ᠵᠡᠷᠭᠡ ᠠᠵᠢᠯ ᠤᠨ ᠲᠤᠬᠠᠢ ᠰᠠᠨᠠᠯ ᠢᠶᠠᠨ ᠰᠣᠯᠢᠯᠴᠠᠨ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠪᠡ᠃      ᠰᠢᠨ᠎ᠡ᠂ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠤᠨ ᠤᠯᠠᠨ ᠵᠢᠯ ᠤᠨ ᠲᠤᠷᠰᠢ ᠦᠦᠰᠢᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠮᠠᠨ ᠤ ᠬᠤᠰᠢᠭᠤ ᠶᠠᠭ ᠣᠷᠳᠣᠰ ᠲᠠᠬᠢ ᠳᠣᠮᠳᠠᠳᠣ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ  ᠭᠤᠤᠯᠳᠠᠯᠭᠠᠳᠤ ᠣᠷᠣᠨ ᠢ ᠪᠦᠲᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠤᠨ ᠲᠥᠯᠥᠪᠵᠢᠭᠦᠯᠦᠨ ᠪᠠᠶᠢᠭᠤᠯᠤᠭᠰᠠᠨ ᠲᠤᠭ ᠤᠨ ᠪᠣᠬᠢᠷᠲᠤᠯ ᠦᠭᠡᠢ ᠲᠤᠤᠷ᠎ᠠ ᠨᠠᠭᠦᠷᠠᠰᠤᠳᠥ᠋ᠷᠥᠭᠴᠢᠳᠤ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠨᠢ ᠮᠠᠨ ᠤ ᠬᠤᠰᠢᠭᠤᠨ ᠤ ᠣᠷᠳᠣᠰ ᠲᠠᠬᠢ ᠳᠣᠮᠳᠠᠳᠣ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠤᠯᠳᠠᠯᠭᠠᠳᠤ ᠣᠷᠣᠨ ᠢ ᠪᠦᠲᠦᠭᠡᠨ ᠪᠠᠶᠢᠭᠤᠯᠬᠤ ᠬᠠᠷᠠᠯᠲᠠ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠮᠠᠨ ᠤ ᠬᠤᠰᠢᠭᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠳᠡᠮᠵᠢᠵᠦ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠲᠤᠤᠷ᠎ᠠ ᠨᠠᠭᠦᠷᠠᠰᠤᠳᠥ᠋ᠷᠥᠭᠴᠢᠳᠤ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠢᠯ ᠤᠨ ᠲᠤᠰᠬᠠᠢ ᠠᠩᠭᠢ ᠶᠢᠨ ᠬᠢᠨ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠤᠨ ᠦᠦᠰᠢᠨ ᠬᠤᠰᠢᠭᠤᠨ ᠳᠠᠬᠢ ᠬᠠᠮᠢᠶ᠎ᠠ ᠪᠦᠬᠦᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠬᠠᠩᠭᠠᠵᠤ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠨ ᠬᠦᠢᠴᠡᠳᠬᠡᠵᠤ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠪᠠᠳᠤᠯᠠᠨ ᠮᠠᠨ ᠤ ᠬᠤᠰᠢᠭᠤᠨ ᠤ ᠣᠷᠳᠣᠰ ᠲᠠᠬᠢ ᠳᠣᠮᠳᠠᠳᠣ ᠤᠯᠤᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠭᠤᠤᠯᠳᠠᠯᠭᠠᠳᠤ ᠣᠷᠣᠨ ᠢ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ  ᠨᠠᠮᠠᠷᠢᠯᠠᠭᠦ ᠭᠡᠷᠡᠭᠳᠠᠢ᠃ ᠬᠥᠭᠵᠢᠯᠲᠡ ᠶᠢᠨ ᠶᠡᠭᠡ ᠲᠠᠯ᠎ᠠ ᠶᠢᠨ ᠥᠨᠳᠥᠷᠴᠡ ᠳᠤ ᠵᠣᠭᠰᠣᠵᠤ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠬᠠᠷᠠᠯᠲᠠ ᠪᠠᠷ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠷᠢᠮ ᠠᠰᠠᠭᠤᠳᠠᠯ ᠢ ᠢᠳᠡᠪᠬᠢᠲᠡᠢ  ᠰᠢᠢᠳᠪᠤᠷᠢᠯᠡᠵᠦ ᠣᠷᠣᠨ ᠨᠤᠲᠤᠭ ᠪᠣᠯᠣᠨ ᠠᠵᠤ ᠠᠬᠤᠶᠢᠯᠠᠯ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃     ᠵᠦ ᠸᠧᠨ ᠯᠢᠶᠠᠩ᠂ ᠦᠦᠰᠢᠨ ᠬᠤᠰᠢᠭᠤᠨ ᠤ ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠪᠦᠯᠦᠭᠯᠡᠯ ᠳᠤ ᠦᠵᠡᠭᠦᠯᠦᠭᠰᠡᠨ ᠬᠠᠪᠰᠤᠷᠤᠯᠭ᠎ᠠ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠵᠦ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠪᠦᠯᠦᠭᠯᠡᠯ ᠦᠦᠰᠢᠨ ᠬᠤᠰᠢᠭᠤᠨ ᠤ ︽ᠨᠢᠭᠡ ᠲᠣᠭᠤᠷᠢᠭ ᠭᠤᠷᠪᠠᠨ ᠬᠦᠷᠢᠶᠡᠯᠡᠩ ᠭᠤᠷᠪᠠᠨ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢᠨ ᠠᠬᠢᠴᠠ ᠳᠤ ᠢᠳᠡᠪᠬᠢᠲᠡᠢ ᠣᠷᠣᠯᠴᠠᠬᠤ ᠪᠠ ᠠᠭᠤᠰᠤᠯᠴᠠᠵᠤ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠡᠶ᠎ᠡ ᠵᠣᠬᠢᠴᠠᠩᠭᠤᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃                           ᠰᠣᠷᠪᠤᠯᠵᠢᠯᠠᠭᠴᠢ᠄ ᠰᠣᠯᠣᠩᠭ᠎ᠠ᠂ ᠪᠠᠢ ᠪᠤᠤ ᠴᠢᠶᠠᠩ᠂ ᠪᠠᠢ ᠰᠢᠥᠸᠠᠢ
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ