ᠯᠢ ᠵᠦᠩ ᠯᠢᠨ ᠤᠯᠤᠰ ᠤᠨ ᠨᠢᠭᠡᠲᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠲᠤᠯᠤᠯᠲᠠ ᠬᠢᠪᠠ
ᠨᠡᠶᠢᠲᠡᠯᠡᠭᠰᠡᠨ ᠴᠠᠭ᠄
2023/6/2
      5 ᠰᠠᠷ᠎ᠠ ᠶᠢᠨ 31 ᠤ ᠡᠲᠦᠷ᠂ ᠬᠤᠰᠢᠭᠤ ᠨᠠᠮ ᠤᠨ ᠬᠤᠷᠢᠶᠠᠨ ᠤ ᠲᠡᠳ᠋ ᠱᠦᠵᠢ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠦᠮᠦᠵᠢᠯ ᠤᠨ ᠠᠵᠢᠯ ᠤᠨ ᠤᠲᠤᠷᠢᠳᠬᠤ ᠲᠤᠭᠤᠶᠢᠯᠠᠩ ᠤᠨ ᠲᠠᠷᠤᠭ᠎ᠠ ᠯᠢ ᠵᠦᠩ ᠯᠢᠨ ᠤᠯᠤᠰ ᠤᠨ ᠨᠢᠭᠡᠲᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠳᠤ ᠪᠠᠶᠢᠴᠠᠭᠠᠨ ᠰᠤᠲᠤᠯᠤᠯᠲᠠ ᠭᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠤᠭᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠬᠤᠰᠢᠭᠤ ᠨᠠᠮ ᠤᠨ ᠬᠤᠷᠢᠶᠠᠨ ᠤ ᠰᠤᠷᠭᠠᠨ ᠬᠦᠮᠦᠵᠢᠯ ᠤᠨ ᠠᠵᠢᠯ ᠤᠨ ᠤᠲᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ ᠬᠠᠨ ᠢᠦᠢ ᠹᠧᠩ᠂ ᠬᠤᠰᠢᠭᠤ ᠲᠡᠳ᠋ ᠲᠠᠷᠤᠭ᠎ᠠ ᠲᠤᠲᠤᠭᠠᠲᠤ ᠶᠢ ᠬᠠᠮᠠᠭᠠᠯᠠᠬᠤ ᠲᠤᠪᠴᠢᠶᠠᠨ ᠤ ᠲᠠᠷᠤᠭ᠎ᠠ ᠴᠠᠩ ᠢᠦᠢ ᠵᠢᠶᠦ᠋ᠨ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠠᠷᠢᠭᠦᠯᠡᠭᠴᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠦᠮᠦᠵᠢᠯ ᠤᠨ ᠠᠵᠢᠯ ᠤᠨ ᠤᠲᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ ᠰᠢᠶᠧ ᠰᠢᠶᠣᠣ ᠵᠢᠶᠦ᠋ᠨ ᠪᠤᠯᠤᠨ ᠬᠤᠰᠢᠭᠤ ᠡᠯ᠎ᠡ ᠬᠤᠯᠪᠤᠭᠲᠠᠯ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠳ ᠪᠠᠶᠢᠴᠠᠭᠠᠨ ᠰᠤᠲᠤᠯᠤᠯᠲᠠ ᠳᠤ ᠤᠷᠤᠯᠴᠠᠪᠠ᠃      ᠯᠢ ᠵᠥᠩ ᠯᠢᠨ ᠨᠡᠷ ᠤᠷᠢᠳ ᠬᠤᠵᠢᠳ ᠦᠦᠰᠢᠨ ᠬᠤᠰᠢᠭᠤᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠦᠦᠰᠢᠨ ᠳᠤᠮᠳᠠᠳᠤ ᠰᠤᠷᠭᠠᠭᠤᠯᠢ  ᠪᠠᠷ ᠬᠦᠷᠴᠦ᠂ ᠰᠢᠯᠭᠠᠯᠲᠠ ᠶᠢᠨ ᠲᠠᠯᠠᠪᠠᠶ ᠶᠢᠨ ᠲᠣᠬᠢᠷᠠᠭᠤᠯᠤᠯᠲᠠ᠂ ᠠᠮᠤᠷ ᠲᠦᠪᠰᠢᠨ ᠤ ᠠᠵᠢᠯ᠂ ᠬᠢᠨᠠᠨ ᠡᠵᠡᠮᠳᠡᠬᠦ ᠲᠠᠰᠤᠭ ᠤᠨ ᠡᠷᠭᠢᠯᠳᠠ ᠶᠢᠨ ᠪᠠᠶᠢᠳᠠᠯ ᠵᠡᠷᠭᠡ ᠶᠢ ᠪᠠᠶᠢᠴᠠᠭᠠᠨ ᠦᠵᠡᠬᠦ ᠶᠢᠨ ᠬᠠᠮᠲᠤ ᠤᠯᠤᠰ ᠤᠨ ᠨᠢᠭᠡᠲᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ       ᠯᠢ ᠵᠦᠩ ᠯᠢᠨ ᠴᠢᠬᠤᠯᠠᠴᠢᠯᠠᠬᠤ ᠳᠤ ᠪᠠᠨ᠂ ᠡᠯ᠎ᠡ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ ᠬᠢᠵᠢᠭ ᠤᠨ ᠪᠠᠶᠢᠲᠠᠯ ᠢ ᠰᠡᠷᠬᠡᠶᠢᠯᠡᠨ ᠡᠵᠡᠮᠲᠡᠬᠦ᠂ ᠰᠢᠯᠭᠠᠯᠲᠠ ᠶᠢᠨ ᠠᠮᠤᠷ ᠲᠦᠪᠰᠢᠨ᠂ ᠰᠢᠯᠭᠠᠯᠲᠠ ᠶᠢᠨ ᠲᠠᠯᠠᠪᠠᠶ ᠶᠢ ᠵᠣᠬᠢᠶᠠᠨ ᠪᠠᠶᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠶ ᠨᠠᠷᠢᠯᠢᠭ ᠰᠠᠶᠢᠲᠤᠷ ᠬᠢᠵᠦ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠡᠢ ᠶᠢ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠪᠠᠲᠤᠯᠠᠭ᠎ᠠ ᠪᠤᠯᠤᠨ ᠬᠠᠮᠵᠢᠯᠴᠠᠭ᠎ᠠ ᠪᠠᠨ ᠵᠣᠬᠢᠴᠠᠭᠤᠯᠤᠨ ᠴᠢᠩᠭᠠᠳᠬᠠᠵᠤ ᠵᠠᠮ ᠬᠠᠷᠢᠯᠴᠠᠭᠠᠨ ᠤ ᠡᠮᠬᠢ ᠳᠢᠭᠯᠢᠮ᠂ ᠢᠳᠡᠭᠡᠨ ᠤ ᠠᠮᠤᠷ ᠲᠦᠪᠰᠢᠨ᠂ ᠡᠮ ᠡᠮᠨᠡᠯᠭᠡ ᠡᠷᠡᠭᠦᠯ ᠬᠠᠮᠠᠭᠠᠯᠠᠯ᠂ ᠴᠠᠬᠢᠯᠭᠠᠨ ᠬᠦᠴᠦᠨ ᠤ ᠬᠠᠩᠭᠠᠯᠭ᠎ᠠ᠂ ᠱᠤᠤᠬᠢᠶᠠᠨ ᠢ ᠬᠠᠮᠢᠶᠠᠷᠤᠨ ᠡᠵᠡᠮᠳᠡᠬᠦ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠤ ᠰᠠᠶᠢᠨ ᠰᠠᠶᠢᠬᠠᠨ ᠰᠢᠯᠭᠠᠯᠲᠠ ᠶᠢᠨ ᠠᠭᠤᠷ ᠠᠮᠢᠰᠬᠤᠯ ᠢ ᠪᠦᠷᠢᠯᠲᠦᠭᠦᠯᠬᠦ ᠬᠡᠷᠡᠭᠲᠡᠢ᠃ ᠠᠵᠢᠯ ᠤᠨ ᠲᠥᠰᠦᠯ ᠢᠶᠠᠨ ᠨᠠᠷᠢᠯᠢᠭᠵᠢᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠲᠡᠭᠦᠯᠲᠡᠷᠵᠢᠭᠦᠯᠵᠦ 2023 ᠣᠨ ᠤ ᠤᠯᠤᠰ ᠤᠨ ᠨᠢᠭᠡᠲᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃                                      ᠰᠤᠷᠪᠤᠯᠵᠢᠯᠠᠭᠴᠢ᠄ ᠰᠤᠯᠤᠩᠭ᠎ᠠ᠂ ᠪᠠᠢ ᠰᠢᠥᠸᠠᠢ
ᠢᠷᠡᠯᠲᠡ᠄ ᠦᠤᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ