ᠣᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ | ᠠᠩᠬᠠᠳᠤᠭᠠᠷ ᠤᠳᠠᠭ᠎ᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠵᠥᠩ ᠯᠢᠨ᠂ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠬᠠᠨ ᠢᠦᠢ ᠹᠧᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠰᠢᠶᠧ ᠰᠢᠶᠣᠣ ᠵᠢᠶᠦ᠋ᠨ᠂ | ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠶᠢᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠬᠤᠯᠪᠣᠭᠳᠠᠯ ᠪᠦᠬᠦᠢ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠭᠤᠣᠯᠳᠠᠯᠭ᠎ᠠ ᠲᠠᠢ ᠠᠵᠢᠯ ᠪᠠ ︽ | ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ | ᠡᠯ᠎ᠡ ᠪᠦᠷᠢᠯᠳᠦᠭᠦᠨ ᠨᠢᠭᠡᠴᠢ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠵᠣᠭᠰᠣᠴᠠ ᠪᠠᠨ | ᠳᠡᠭᠡᠭᠰᠢᠯᠡᠭᠦᠯᠵᠦ ᠦᠵᠡᠯ ᠰᠠᠨᠠᠭ᠎ᠠ ᠪᠠᠨ ᠨᠢᠭᠡᠳᠬᠡᠨ ᠨᠠᠮ ᠤᠨ ᠰᠤᠷᠭᠠᠨ ᠬᠥᠮᠦᠵᠢᠯ ᠤᠨ ᠠᠵᠢᠯ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠮᠠᠨ ᠤ ᠬᠤᠰᠢᠭᠤᠨ ᠤ ᠰᠤᠷᠭᠠᠨ | ᠬᠥᠮᠦᠵᠢᠯ ᠤᠨ ᠠᠵᠢᠯ ᠤᠨ ᠪᠥᠬᠦ ᠶᠠᠪᠤᠴᠠ᠂ ᠪᠥᠬᠦ ᠲᠠᠯ᠎ᠠ ᠳᠤ ᠲᠤᠭᠤᠰᠢᠯᠠᠭᠤᠯᠵᠤ ᠨᠠᠮ ᠤᠨ ᠲᠥᠯᠥᠭᠡ ᠭᠥᠮᠤᠨ ᠭᠥᠮᠤᠵᠢᠭᠦᠯᠵᠤ ᠤᠯᠤᠰ ᠤᠨ ᠲᠥᠯᠥᠭᠡ | ᠴᠢᠳᠠᠪᠤᠷᠢᠲᠠᠨ ᠬᠥᠮᠥᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠡᠭᠦᠷᠭᠡ ᠪᠠᠨ ᠲᠣᠳᠣᠷᠬᠠᠶᠢᠯᠠᠵᠤ ᠭᠤᠣᠯᠳᠠᠯᠭ᠎ᠠ ᠪᠠᠨ ᠲᠤᠪᠤᠶᠢᠯᠭᠠᠵᠤ ᠰᠤᠷᠭᠠᠨ ᠬᠥᠮᠦᠵᠢᠯ ᠤᠨ | ᠠᠭᠤᠯᠤᠭᠳᠠᠬᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾᠂ ᠦᠵᠡᠯ ᠤᠬᠠᠮᠰᠠᠷ ᠤᠨ | ᠬᠡᠯᠪᠡᠷᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠰᠢᠨ᠎ᠡ ᠰᠤᠷᠤᠭᠴᠢᠳ ᠤᠨ ᠰᠤᠷᠭᠠᠭᠤᠯᠢ ᠳᠤ ᠣᠷᠣᠬᠤ ᠵᠡᠷᠭᠡ ᠭᠤᠣᠯᠳᠠᠯᠭ᠎ᠠ ᠲᠠᠢ ᠠᠵᠢᠯ ᠢ | ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠬᠠᠮᠲᠤᠷᠠᠨ ᠬᠥᠳᠡᠯᠦᠯᠴᠡᠵᠦ ᠨᠢᠭᠲᠠ ᠬᠠᠮᠵᠢᠯᠴᠠᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠠᠭᠰᠢ ᠶᠢᠨ ᠡᠩᠨᠡᠭᠡ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ ᠰᠤᠷᠭᠠᠨ ᠬᠥᠮᠦᠵᠢᠯ ᠢ | ᠬᠠᠯᠠᠮᠵᠢᠯᠠᠬᠤ ᠴᠢᠳᠠᠪᠤᠷᠢᠲᠠᠨ ᠢ ᠴᠢᠬᠤᠯᠠᠴᠢᠯᠠᠬᠤ ᠬᠠᠮᠲᠤ ᠪᠠᠷ ᠥᠭᠡᠳᠡᠯᠡᠨ ᠳᠠᠪᠰᠢᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ ᠮᠠᠨ ᠤ | ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠡᠢ᠃ | ᠬᠤᠷᠠᠯ ᠢᠶᠠᠷ ᠪᠠᠰᠠ 2023 ᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠦᠢᠯᠡᠴᠢᠯᠡᠭᠡ ᠶᠢᠨ ᠠᠵᠢᠯ ᠢ ᠰᠤᠳᠤᠯᠤᠨ ᠪᠠᠶᠢᠷᠢᠯᠠᠭᠤᠯᠵᠠᠢ᠃ | | | | ᠰᠣᠷᠪᠤᠯᠵᠢᠯᠠᠭᠴᠢ᠄ ᠰᠣᠯᠣᠩᠭ᠎ᠠ᠂ ᠪᠠᠢ ᠰᠢᠥᠸᠠᠢ |