ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠦᠷᠭᠡᠳᠭᠡᠪᠡ | 1 ︱ 5 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 179. | 4% ᠪᠠᠷ ᠨᠡᠮᠡᠭᠳᠡᠪᠡ᠃ ᠠᠵᠤ ᠦᠢᠯᠡᠰ ᠢᠶᠠᠷ ᠨᠢ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 692.5% ᠪᠠᠷ | ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 337.9% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ 24.8% ᠢᠶᠠᠷ ᠪᠠᠭᠤᠷᠠᠪᠠ᠃ ᠬᠦᠷᠢᠶ᠎ᠡ ᠬᠡᠪᠴᠢᠶ᠎ᠡ ᠪᠠᠷ ᠨᠢ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ | 27% ᠪᠠᠷ ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 5522.5% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ | ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 23.9% ᠪᠠᠷ ᠪᠠᠭᠤᠷᠠᠪᠠ︔ ᠪᠤᠰᠤᠳ ᠭᠦᠢᠴᠡᠳᠬᠡᠯ ᠲᠤᠭ᠎ᠠ ᠠᠴᠠ ᠦᠵᠡᠪᠡᠯ᠂ ᠠᠵᠤ | ᠦᠢᠯᠡᠳᠪᠦᠷᠢ ᠶᠢᠨ ᠪᠡᠯᠡ ᠣᠷᠣᠭᠤᠯᠤᠯᠲᠠ 337.9% ᠪᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ 605.8% ᠪᠠᠷ ᠨᠡᠮᠡᠭᠳᠡᠪᠡ︔ ᠨᠡᠶᠢᠭᠡᠮ ᠤᠨ | ᠬᠦᠷᠢᠶᠡᠨ ᠳᠠᠬᠢ ᠪᠡᠯᠡ ᠣᠷᠣᠭᠤᠯᠤᠯᠲᠠ 42.4% ᠪᠠᠷ ᠪᠠᠭᠤᠷᠠᠪᠠ᠃ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ | 44949 ᠲᠡᠭᠰᠢ ᠳᠥᠷᠪᠡᠯᠵᠢᠨ ᠮᠧᠲᠷ ᠲᠤ ᠬᠦᠷᠴᠦ᠂ 56.7% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ 16280 ᠲᠦᠮᠡᠨ | ᠲᠥᠭᠦᠷᠢᠭ ᠲᠤ ᠬᠦᠷᠴᠦ᠂ 45.8% ᠪᠠᠷ ᠨᠡᠮᠡᠭᠳᠡᠪᠡ᠃ | 5 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ | 101 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 37᠂ 500 ᠲᠦᠮᠡ ︱ 5000 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 32᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ 32 ᠪᠣᠶ᠃ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 21 ᠪᠠᠶᠢᠵᠤ᠂ ᠲᠤᠭ᠎ᠠ | ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ | ᠬᠢ ᠠᠴᠠ 260.3% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 93.6% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠠᠷᠢᠯᠭ᠎ᠠ ᠶᠢᠨ ᠲᠥᠷᠥᠯ ᠵᠦᠢᠯ 4 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠲᠠᠢ ᠠᠳᠠᠯᠢ ᠪᠠᠶᠢᠵᠤ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 708.3% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 82.95% ᠶᠢ ᠡᠵᠡᠯᠡᠪᠡ᠃ | ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 19 ᠲᠥᠷᠥᠯ ᠵᠦᠢᠯ ᠢ ᠨᠢᠭᠡᠨᠲᠡ | ᠬᠥᠮᠥᠷᠭᠡ ᠳᠤ ᠣᠷᠣᠭᠤᠯᠵᠤ᠂ 38.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | | | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠤᠬᠤᠷ ᠬᠤᠭᠤᠴᠠᠭᠠᠨ ᠤ ᠲᠠᠷᠤᠯᠳᠠ ᠶᠢ ᠳᠠᠭᠠᠭᠠᠪᠠ | 1 — 5 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ | ᠬᠤᠭᠤᠴᠠᠭᠠᠨ ᠤ ᠬᠢ ᠠᠴᠠ 1.4% ᠪᠠᠷ ᠪᠠᠭᠤᠷᠠᠪᠠ︔ 5 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠵᠤ᠂ 4 ᠳ᠋ᠤᠭᠡᠷ ᠰᠠᠷ᠎ᠠ ᠶᠢᠨ ᠬᠢ ᠠᠴᠠ 13.9 ᠵᠠᠭᠤᠨ ᠤ ᠨᠢᠭᠡᠴᠢ ᠳᠡᠭᠡᠭᠰᠢᠯᠡᠵᠡᠢ᠃ ᠪᠥᠬᠦ | ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 10.58% ᠢᠶᠠᠷ | ᠪᠠᠭᠤᠷᠠᠪᠠ︔ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ | 99.3% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.3% ᠪᠠᠷ ᠪᠠᠭᠤᠷᠠᠪᠠ︔ 5 ᠳ᠋ᠤᠭᠠᠷ ᠰᠠᠷ᠎ᠠ ᠶᠢᠨ ᠦᠢᠯᠡᠳᠬᠦᠨ ᠤ ᠦᠢᠯᠡᠳᠪᠦᠷᠢᠯᠡᠯ | ᠪᠣᠷᠤᠯᠠᠭᠤᠯᠭ᠎ᠠ ᠶᠢᠨ ᠨᠣᠷᠮ᠎ᠠ 97.1% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3% ᠪᠠᠷ ᠪᠠᠭᠤᠷᠠᠪᠠ᠃ ᠪᠦᠬᠦ ᠬᠤᠰᠢᠭᠤᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠤᠨ ᠪᠡᠶᠡᠯᠡᠭᠦᠯᠦᠭᠰᠡᠨ ᠠᠰᠢᠭ | ᠬᠤᠨᠵᠢᠪᠤᠷᠢ ᠶᠢᠨ ᠶᠡᠷᠦᠩᠬᠡᠢ ᠬᠡᠮᠵᠢᠶ᠎ᠡ 37.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 49.2% ᠢᠶᠠᠷ ᠪᠠᠭᠤᠷᠠᠪᠠ᠃ | 1 — 5 ᠳ᠋ᠤᠭᠠᠷ ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠠᠵᠢᠯ ᠲᠥᠷᠥᠯ ᠤᠨ ᠲᠥᠷᠥᠯ | ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ | 14.5% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ | ᠬᠤᠭᠤᠴᠠᠭᠠᠨ ᠤ ᠬᠢ ᠠᠴᠠ 15.6% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 15.4% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠪᠠ︔ ᠰᠢᠲᠠᠮᠠᠬᠠᠢ ᠬᠡᠢ ᠶᠢᠨ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 27.7% ᠪᠠᠷ ᠪᠠᠭᠤᠷᠠᠪᠠ᠃ ᠬᠦᠨᠳᠦ | ᠬᠥᠩᠭᠡᠨ ᠠᠵᠤ ᠦᠢᠯᠡᠳᠪᠦᠷᠢ ᠪᠠᠷ ᠨᠢ ᠬᠤᠪᠢᠶᠠᠪᠠᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 23. | 1% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 13.95% ᠪᠠᠷ ᠪᠠᠭᠤᠷᠠᠪᠠ︔ | ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ᠄ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ | ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 11.25% ᠪᠠᠷ ᠪᠠᠭᠤᠷᠠᠪᠠ︔ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠤᠨ ᠦᠢᠯᠡᠳᠬᠦᠨ ᠤ | ᠦᠷᠳᠡᠭ ᠠᠳᠠᠯᠢ ᠬᠤᠭᠤᠴᠠᠭᠠᠨ ᠤ ᠬᠢ ᠠᠴᠠ 32.77% ᠪᠠᠷ ᠪᠠᠭᠤᠷᠠᠪᠠ︔ ᠬᠤᠪᠢ ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ14.06% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ | ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ | 11.94% ᠪᠠᠷ ᠪᠠᠭᠤᠷᠠᠪᠠ᠃ | | | ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠢ ᠲᠤᠭᠲᠠᠪᠤᠷᠢᠵᠢᠭᠤᠯᠪᠠ | 1— 4 ᠳ᠋ᠤᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ | 2.21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠪᠠᠭᠤᠷᠠᠪᠠ᠃ ᠬᠥᠮᠥᠷᠭᠡ ᠳᠤ ᠪᠠᠶᠢᠭ᠎ᠠ 4 ᠠᠵᠢᠯ | ᠲᠥᠷᠥᠯ ᠳᠤ ︽ᠬᠤᠶᠠᠷ ᠳᠡᠭᠡᠭᠰᠢᠯᠡᠵᠦ ᠬᠤᠶᠠᠷ ᠪᠠᠭᠤᠷᠠᠬᠤ︾ ᠪᠠᠶᠢᠳᠠᠯ ᠢᠯᠡᠷᠡᠪᠡ᠄ ᠤᠰᠤᠨ ᠠᠰᠢᠭᠯᠠᠯᠲᠠ᠂ ᠣᠷᠴᠢᠨ ᠲᠤᠭᠤᠷᠢᠨ ᠪᠠ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.12 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 33.33% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ | ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 300% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 0. | 92 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠪᠠᠭᠤᠷᠠᠪᠠ︔ ᠲᠦᠷᠢᠶᠡᠰᠦᠯᠡᠯ ᠪᠠ ᠬᠤᠳᠠᠯᠳᠤᠭᠠᠨ ᠤ | ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 5.04% ᠪᠠᠷ ᠪᠠᠭᠤᠷᠠᠪᠠ᠃ | | ᠳᠥᠷᠪᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢ ᠠᠯᠭᠤᠷᠬᠠᠨ ᠰᠡᠷᠭᠦᠭᠡᠪᠡ | 1 — 5 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 12.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠵᠦ᠂ 1— 4 ᠳ᠋ᠤᠭᠡᠷ ᠰᠠᠷ᠎ᠠ ᠠᠴᠠ 0.3 ᠵᠠᠭᠤᠨ ᠤ | ᠨᠢᠭᠡᠴᠢ ᠳᠡᠭᠡᠭᠰᠢᠯᠡᠪᠡ᠃ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠢᠵᠠᠭᠠᠷᠯᠠᠭᠰᠠᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠂ ᠬᠥᠳᠡᠭᠡ ᠲᠣᠰᠬᠤᠨ ᠤ | ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 20.7% ᠪᠠᠷ ᠨᠡᠮᠡᠭᠳᠡᠪᠡ᠃ | ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ | 3% ᠪᠠᠷ ᠨᠡᠮᠡᠭᠳᠡᠪᠡ︔ ᠬᠢᠵᠠᠭᠠᠷᠯᠠᠭᠰᠠᠨ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 25.2% ᠢᠶᠠᠷ ᠨᠡᠮᠡᠭᠳᠡᠪᠡ᠃ | 1 — 5 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ | ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ 10.3% ᠪᠠᠷ ᠨᠡᠮᠡᠭᠳᠡᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ | ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 36.9% ᠳᠤ ᠬᠦᠷᠴᠡᠢ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡᠨ ᠤ | ᠬᠡᠷᠡᠭᠰᠡᠯ ᠤᠨ ᠲᠥᠷᠥᠯ 21.5% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠦᠢᠯᠡᠳᠬᠦᠨ ᠤ ᠶᠡᠷᠦᠩᠬᠡᠢ | ᠲᠣᠭᠠᠨ ᠳᠤ ᠡᠵᠡᠯᠡᠬᠦ ᠬᠤᠪᠢ ᠶᠢᠨ ᠵᠢᠩ ᠨᠢ 8.7% ᠳᠤ ᠬᠦᠷᠴᠡᠢ︔ ᠬᠢᠲᠠᠳ ᠡᠸᠦ᠋ᠷᠦᠫᠡ ᠡᠮ ᠤᠨ ᠲᠥᠷᠥᠯ 9.3% ᠪᠠᠷ ᠨᠡᠮᠡᠭᠳᠡᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 6.2% ᠲᠤ ᠬᠦᠷᠴᠡᠢ︔ ᠴᠢᠮᠡᠭᠡ | ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 18.2% ᠢᠶᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ | ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 2% ᠲᠤ ᠬᠦᠷᠴᠡᠢ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 3. | 9% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ | ᠵᠢᠩ ᠨᠢ 1.8% ᠳᠤ ᠬᠦᠷᠴᠡᠢ︔ ᠮᠠᠰᠢᠨ ᠲᠡᠷᠭᠡᠨ ᠤ ᠲᠥᠷᠥᠯ 8% ᠪᠠᠷ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ | ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 41.2% ᠳᠤ ᠬᠦᠷᠴᠡᠢ︔ ᠡᠭᠦᠨ ᠳᠤ᠄ ᠰᠢᠨ᠎ᠡ ᠡᠨᠧᠷᠭᠢ ᠶᠢᠨ ᠮᠠᠰᠢᠨ | ᠲᠡᠷᠭᠡᠨ ᠤ ᠪᠣᠷᠣᠯᠠᠭᠤᠯᠤᠯᠲᠠ ᠶᠢᠨ ᠬᠡᠮᠵᠢᠶ᠎ᠡ 39.8% ᠢᠶᠠᠷ ᠪᠠᠭᠤᠷᠠᠪᠠ︔ ᠪᠤᠰᠤᠳ ᠲᠦᠷᠦᠯ ᠤᠨ ᠬᠢᠨ 22.5% ᠪᠠᠷ ᠨᠡᠮᠡᠭᠳᠡᠵᠦ᠂ ᠬᠢᠵᠠᠭᠠᠷᠯᠠᠭᠰᠠᠨ | ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 3.3% ᠳᠤ ᠬᠦᠷᠴᠡᠢ᠃ | | | | ᠲᠠᠪᠤ᠂ ᠡᠷᠬᠢᠯᠲᠡ ᠶᠢᠨ ᠣᠷᠴᠢᠨ ᠲᠣᠭᠤᠷᠢᠨ ᠢ ᠢᠳᠡᠪᠬᠢᠲᠠᠢ ᠰᠠᠶᠢᠵᠢᠷᠠᠭᠤᠯᠪᠠ | 5 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠬᠠᠳᠠᠭᠠᠯᠠᠮᠵᠢ ᠶᠢᠨ ᠦᠯᠡᠳᠡᠪᠦᠷᠢ ᠲᠤᠭ᠎ᠠ 145.86 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.32% ᠢᠶᠠᠷ ᠨᠡᠮᠡᠭᠳᠡᠪᠡ | ᠂ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ 8.30% ᠢᠶᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ | 37.75% ᠪᠠᠷ ᠨᠡᠮᠡᠭᠳᠡᠪᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ | ᠲᠤᠭ᠎ᠠ 161.71 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ13.95% ᠪᠠᠷ ᠨᠡᠮᠡᠭᠳᠡᠪᠡ᠂ ᠡᠭᠦᠨ ᠳᠤ᠂ ᠣᠬᠤᠷ | ᠬᠤᠭᠤᠴᠠᠭᠠᠨ ᠤ ᠵᠢᠭᠡᠯᠡᠯᠭᠡ ᠠᠳᠠᠯᠢ ᠬᠤᠭᠤᠴᠠᠭᠠᠨ ᠤ ᠬᠢ ᠠᠴᠠ 26.02% ᠢᠶᠠᠷ ᠨᠡᠮᠡᠭᠳᠡᠵᠦ᠂ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠠᠳᠠᠯᠢ | ᠬᠤᠭᠤᠴᠠᠭᠠᠨ ᠤ ᠬᠢ ᠠᠴᠠ 11.25% ᠪᠠᠷ ᠨᠡᠮᠡᠭᠳᠡᠪᠡ︔ | 1 ︱ 5 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ 1699 ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 54.03% ᠪᠠᠷ ᠨᠡᠮᠡᠭᠳᠡᠪᠡ᠂ ᠡᠭᠦᠨ ᠳᠤ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ 415 ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 14.01% ᠪᠠᠷ ᠨᠡᠮᠡᠭᠳᠡᠪᠡ᠃ | 1 ︱ 5 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ 1281.5 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.67% ᠪᠠᠷ ᠨᠡᠮᠡᠭᠳᠡᠪᠡ︔ ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 13526 ᠬᠥᠮᠥᠨ ᠤᠳᠠᠭ᠎ᠠ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 106.67 % ᠪᠠᠷ ᠨᠡᠮᠡᠭᠳᠡᠪᠡ᠃ | ᠶᠡᠷᠦᠩᠬᠡᠢ ᠳᠤᠨᠢ ᠠᠪᠴᠤ ᠦᠵᠡᠪᠡᠯ᠂ 1 — 5 ᠰᠠᠷ᠎ᠠ ᠳᠤ ᠪᠦᠭᠦ ᠬᠤᠰᠢᠭᠤᠨ ᠤ ᠠᠵᠤ ᠠᠬᠤᠢ ᠶᠢᠨ ᠡᠷᠬᠢᠯᠲᠡ ᠶᠢᠨ ᠢᠳᠡᠪᠬᠢ ᠬᠦᠴᠦᠨ ᠵᠦᠢᠯ | ᠲᠠᠰᠤᠷᠠᠯᠲᠠ ᠦᠭᠡᠢ ᠬᠤᠷᠠᠮᠳᠤᠪᠠ᠃ ᠭᠡᠪᠡᠴᠦ ᠬᠤᠷᠸ᠎ᠠ ᠠᠵᠤ ᠠᠬᠤᠢ ᠶᠢᠨ ᠣᠷᠴᠢᠨ ᠨᠥᠬᠦᠴᠡᠯ ᠪᠠ ᠰᠠᠭᠤᠷᠢ ᠲᠤᠭ᠎ᠠ ᠶᠢᠨ ᠨᠥᠯᠥᠭᠡ ᠳᠤ ᠬᠡᠯᠪᠡᠯᠵᠡᠯ | ᠣᠷᠣᠰᠢᠵᠤ᠂ ᠦᠷᠭᠦᠯᠵᠢᠯᠡᠨ ᠨᠡᠮᠡᠭᠳᠡᠬᠦ ᠶᠢᠨ ᠰᠠᠭᠤᠷᠢ ᠬᠠᠷᠠᠬᠠᠨ ᠪᠠᠲᠤ ᠪᠠᠬᠢ ᠪᠢᠰᠢ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠦᠷ᠎ᠡ ᠠᠰᠢᠭ ᠦᠨ᠎ᠡ | ᠬᠠᠩᠰᠢ ᠶᠢᠨ ᠬᠡᠯᠪᠡᠯᠵᠡᠯ ᠰᠠᠭᠤᠷᠢ ᠪᠤᠯᠬᠤ ᠣᠨᠴᠠᠯᠢᠭ᠂ ᠬᠡᠷᠡᠭᠯᠡᠭᠡᠨ ᠤ ᠵᠠᠬ᠎ᠠ ᠳᠡᠯᠭᠡᠭᠦᠷ ᠪᠦᠬᠦᠯᠢ ᠴᠣᠭᠴᠠ ᠶᠢᠨ ᠬᠠᠨᠳᠤᠰᠢ ᠶᠢᠨ ᠴᠢᠨᠠᠷᠲᠠᠢ ᠰᠠᠶᠢᠵᠢᠷᠠᠯᠲᠠ ᠲᠠᠢ | ᠪᠣᠯᠣᠭᠠᠳᠤᠢ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠦᠰᠡᠯ ᠡᠷᠡᠮᠡᠯᠵᠡᠯ ᠮᠥᠨ ᠬᠦ ᠰᠡᠷᠭᠦᠯᠲᠡ ᠶᠢᠨ ᠱᠠᠲᠤᠨ ᠳᠤ ᠣᠷᠣᠰᠢᠵᠤ ᠪᠠᠶᠢᠭ᠎ᠠ᠂ ᠰᠢᠨ᠎ᠡ | ᠬᠥᠳᠡᠯᠭᠡᠭᠴᠢ ᠡᠨᠧᠷᠭᠢ ᠶᠢᠨ ᠪᠣᠶᠢᠵᠢᠭᠤᠯᠤᠯᠲᠠ ᠤᠳᠠᠭᠠᠨ ᠪᠠᠶᠢᠬᠤ ᠵᠡᠷᠭᠡ ᠠᠰᠠᠭᠤᠳᠠᠯ ᠢ ᠳᠠᠷᠤᠢ ᠲᠦᠷᠭᠡᠨ ᠠᠩᠬᠠᠷᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ | ᠲᠠᠷᠠᠭᠠᠴᠢ ᠶᠢᠨ ᠱᠠᠲᠤᠨ ᠳᠤ᠂ ᠦᠦᠰᠢᠨ ᠬᠤᠰᠢᠭᠤᠨ ᠤ ᠬᠢᠨ ︽ᠬᠤᠶᠠᠷ ᠶᠡᠭᠡ ᠶᠠᠪᠤᠳᠠᠯ︾ ᠢᠶᠠᠷ ᠭᠤᠣᠯ ᠭᠠᠷᠳᠠᠴᠠ ᠪᠣᠯᠭᠠᠵᠤ᠂ ᠪᠥᠬᠦ ᠬᠤᠲᠠ ᠶᠢᠨ ︽ | ᠭᠤᠷᠪᠠᠨ ᠳᠥᠷᠪᠡ︾ ᠶᠢᠨ ᠲᠡᠮᠡᠴᠡᠬᠦ ᠬᠠᠷᠠᠯᠲᠠ ᠪᠠ ᠪᠥᠬᠦ ᠬᠤᠰᠢᠭᠤᠨ ᠤ ︽ᠭᠤᠷᠪᠠ ᠳᠥᠷᠪᠡ ᠳᠥᠷᠪᠡ︾ ᠶᠢᠨ ᠬᠥᠭᠵᠢᠯᠲᠡ ᠶᠢᠨ ᠡᠭᠦᠷᠭᠡ ᠶᠢ ᠴᠢᠩᠭ᠎ᠠ | ᠠᠳᠬᠤᠵᠤ ᠢᠲᠡᠭᠡᠯ ᠵᠣᠷᠢᠭ ᠢᠶᠠᠨ ᠪᠠᠲᠤᠳᠬᠠᠨ ᠪᠣᠭᠤᠮᠲᠠ ᠰᠢᠪᠲᠤᠯᠬᠤ ᠶᠢ ᠠᠳᠬᠤᠵᠤ ᠣᠳᠣᠬᠠᠨ ᠤ ᠬᠦᠭᠵᠢᠯᠲᠡ ᠶᠢᠨ ᠬᠡᠯᠪᠡᠷᠢ ᠪᠠᠨ ᠬᠤᠪᠢᠷᠠᠭᠤᠯᠵᠦ᠂ | ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠯᠠᠪᠳᠠᠭᠤᠨ | ᠪᠠᠲᠤᠲᠠᠢ ᠠᠬᠢᠭᠤᠯᠤᠨ᠎ᠠ᠃ | | |