︽ᠪᠣᠷᠣᠳᠣᠬᠤᠢ ᠬᠦᠮᠦᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠤᠨ ᠵᠠᠭᠤᠴᠢᠯᠠᠭᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/7/17
      7 ᠰᠠᠷ᠎ᠠ ᠶᠢᠨ 12 ᠤᠨ ᠡᠳᠦᠷ᠂ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠵᠠᠭᠤᠴᠢᠯᠠᠭᠤᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠵᠤ᠂ ᠬᠤᠷᠠᠯ ᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠡᠷᠭᠢᠯᠡᠵᠦ᠂ 33 ᠵᠠᠭᠤᠴᠢᠯᠠᠭᠤᠷ ᠤᠨ ᠬᠢᠨ ᠤᠷᠢᠯᠭ᠎ᠠ ᠪᠠᠷ ᠬᠤᠷᠠᠯ ᠳᠤ ᠣᠷᠣᠯᠴᠠᠵᠠᠢ᠃
1.jpg   
      ᠬᠤᠷᠠᠯ ᠳᠡᠭᠡᠷ᠎ᠡ᠂ ᠬᠤᠰᠢᠭᠤ ᠳᠡᠳ᠋ ᠳᠠᠷᠤᠭ᠎ᠠ ᠮᠠ ᠯᠢ ᠵᠢᠶᠧ ᠭᠡᠯᠡᠭᠦ ᠳᠤ ᠪᠠᠨ᠂ ᠡᠨᠡ ᠵᠢᠯ ᠦᠦᠰᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠬᠤ ᠰᠢᠨ᠎ᠡ ᠦᠷ᠎ᠡ ᠪᠦᠲᠦᠮᠵᠢ ᠣᠯᠬᠤ ᠶᠢ ᠪᠦᠬᠦ ᠬᠤᠰᠢᠭᠤᠨ ᠤ ︽ᠭᠤᠷᠪᠠᠨ ᠶᠡᠭᠡ ᠶᠠᠪᠤᠳᠠᠯ︾ ᠤᠨ ᠨᠢᠭᠡ ᠪᠤᠯᠭᠠᠵᠤ᠂ ᠰᠢᠷᠬᠤᠰᠣ ᠶᠢᠨ ᠪᠠᠭᠤᠷᠢ ᠶᠢ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠬᠤ ᠪᠠ ᠰᠤᠳᠤᠯᠤᠨ ᠨᠡᠭᠡᠭᠡᠬᠦ ᠶᠢ ᠪᠦᠬᠦ ᠲᠠᠯ᠎ᠠ ᠪᠠᠷ ᠴᠢᠩᠭᠠᠳᠬᠠᠨ ᠰᠢᠷᠬᠤᠰᠣ ᠶᠢᠨ ᠪᠠᠭᠤᠷᠢ ᠶᠢᠨ ᠮᠦᠽᠧᠢ᠂ ︽ᠪᠣᠷᠣᠳᠣᠬᠤᠢ ᠬᠥᠮᠥᠨ︾ ᠤ ᠰᠣᠶᠣᠯ ᠤᠨ ᠰᠤᠳᠤᠯᠭᠠᠨ ᠤ ᠲᠥᠪ᠂ ᠪᠠᠭᠤᠷᠢ ᠶᠢᠨ ᠣᠷᠣᠨ ᠤ ᠬᠠᠭᠤᠴᠢ ᠰᠤᠳᠤᠯᠤᠯ ᠤᠨ ᠬᠠᠮᠠᠭᠠᠯᠠᠯᠲᠠ ᠶᠢᠨ ᠭᠠᠵᠠᠷ ᠪᠣᠯᠣᠨ ᠬᠠᠭᠤᠴᠢ ᠰᠤᠳᠤᠯᠤᠯ ᠤᠨ ᠪᠡᠶᠡᠴᠢᠯᠡᠨ ᠣᠶᠢᠯᠠᠭᠠᠬᠤ ᠭᠠᠵᠠᠷ ᠢ ᠪᠠᠶᠢᠭᠤᠯᠵᠤ᠂ 8 ᠰᠠᠷ᠎ᠠ ᠶᠢᠨ ᠳᠤᠮᠳᠠᠴᠢ ᠪᠠᠷ ᠦᠦᠰᠢᠨ ᠬᠤᠰᠢᠭᠤᠨ ᠳᠤ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠢ ᠡᠷᠬᠢᠯᠡᠬᠦ ᠪᠠᠷ ᠪᠠᠶᠢᠨ᠎ᠠ ᠭᠡᠵᠡᠢ᠃ ᠮᠠ ᠯᠢ ᠵᠢᠶᠧ᠂ ᠡᠯ᠎ᠡ ᠱᠠᠲᠤᠨ ᠤ  ᠵᠠᠭᠤᠴᠢᠯᠠᠭᠤᠷ ᠲᠤ ᠤᠷᠢᠯᠭ᠎ᠠ ᠳᠡᠪᠰᠢᠭᠦᠯᠵᠦ᠂ ᠡᠯ᠎ᠡ ᠱᠠᠲᠤᠨ ᠤ ᠵᠠᠭᠤᠴᠢᠯᠠᠭᠤᠷ ᠤᠨ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠤᠬᠠᠭᠤᠯᠭ᠎ᠠ ᠮᠡᠳᠡᠭᠡᠯᠡᠯ ᠳᠤ ᠢᠳᠡᠪᠬᠢᠲᠡᠢ ᠤᠷᠤᠯᠴᠠᠬᠤ ᠶᠢ ᠭᠥᠰᠡᠭᠰᠠᠨ ᠪᠠᠶᠢᠨ᠎ᠠ᠃ ᠡᠭᠦᠨ ᠤ ᠬᠠᠮᠳᠤ ᠡᠯ᠎ᠡ ᠵᠠᠭᠤᠴᠢᠯᠠᠭᠤᠷ ᠤᠨ ᠬᠦᠴᠦᠨ ᠢ ᠠᠰᠢᠭᠯᠠᠨ᠂ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠨᠡᠷ᠎ᠡ ᠠᠯᠳᠠᠷ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠠᠭᠦᠯᠵᠤ ᠤᠬᠠᠭᠤᠯᠤᠨ ᠮᠡᠳᠡᠭᠡᠯᠡᠬᠦ ᠪᠠᠷ ᠳᠠᠮᠵᠢᠭᠤᠯᠤᠨ ᠳᠦᠷᠢ ᠲᠥᠷᠬᠦ ᠶᠢᠨ ᠦᠵᠡᠭᠦᠯᠦᠯᠭᠡ ᠶᠢᠨ ᠲᠠᠪᠴᠠᠩ ᠢ ᠪᠠᠶᠢᠭᠤᠯᠤᠨ ᠦᠦᠰᠢᠨ ᠬᠤᠰᠢᠭᠤᠨ ᠤ ᠠᠵᠤ ᠠᠬᠤᠢ᠂ ᠨᠡᠶᠢᠭᠡᠮ᠂ ᠰᠣᠶᠣᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠤᠬᠠᠭᠤᠯᠵᠤ ᠬᠤᠲᠠ ᠶᠢᠨ ᠴᠤᠭ ᠵᠢᠪᠬᠤᠭ᠎ᠠ᠂ ᠪᠠᠶᠢᠭᠠᠯᠢ ᠶᠢᠨ ᠥᠩᠭᠡ ᠦᠵᠡᠮᠵᠢ ᠶᠢ ᠤᠬᠠᠭᠤᠯᠤᠨ ᠲᠠᠨᠢᠯᠴᠠᠭᠤᠯᠵᠤ ᠦᠦᠰᠢᠨ ᠬᠤᠰᠢᠭᠤᠨ ᠤ ᠨᠠᠷ᠎ᠡ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠢ
2.jpg
3.jpg
      ᠳᠥᠷᠪᠡᠨ ︽ᠪᠣᠷᠣᠳᠣᠬᠤᠢ ᠬᠥᠮᠥᠨ︾ ᠤ ᠰᠣᠶᠣᠯ ᠤᠨ IP ᠳᠦᠷᠢ ᠲᠥᠷᠬᠦ ᠵᠢᠴᠢ ᠲᠡᠭᠦᠨ ᠤ ᠡᠷᠬᠢᠨ ᠲᠣᠭᠤᠷᠢᠨ ᠤ ᠪᠦᠲᠦᠭᠡᠯᠴᠢ ᠦᠢᠯᠡᠳᠬᠦᠨ ᠬᠤᠷᠠᠯ ᠳᠡᠭᠡᠷ᠎ᠡ ᠠᠩᠬ᠎ᠠ ᠤᠳᠠᠭ᠎ᠠ ᠣᠯᠠᠨ ᠤ ᠡᠮᠦᠨ᠎ᠡ ᠢᠯᠡᠷᠡᠪᠡ᠃ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠤᠢ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ ᠤᠨ ᠰᠣᠶᠣᠯ ᠤᠨ ᠪᠦᠲᠦᠭᠡᠯᠴᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠪᠠᠷ ᠳᠠᠮᠵᠢᠭᠤᠯᠵᠤ ᠰᠢᠷᠬᠤᠰᠣ ᠶᠢᠨ ᠪᠠᠭᠤᠷᠢ ᠶᠢ ᠪᠠᠶᠢᠭᠠᠯᠢ᠂ ᠬᠠᠭᠤᠴᠢ ᠰᠤᠳᠤᠯᠤᠯ᠂ ᠵᠢᠭᠤᠯᠴᠢᠯᠠᠯ ᠤᠨ ᠴᠤ᠋ ᠰᠢᠨ᠎ᠡ ᠨᠡᠷ᠎ᠡ ᠶᠢᠨ ᠬᠠᠭᠤᠳᠠᠰᠤ ᠪᠣᠯᠭᠠᠨ ᠦᠦᠰᠢᠨ ᠬᠤᠰᠢᠭᠤᠨ ᠤ ᠰᠣᠶᠣᠯ ᠵᠢᠭᠤᠯᠴᠢᠯᠠᠯ ᠪᠣᠯᠣᠨ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠤᠯᠭᠠᠨ᠎ᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽IP ᠶᠢᠨ ᠳᠦᠷᠢ ᠲᠥᠷᠬᠦ ᠶᠢᠨ ᠵᠢᠷᠤᠭ ᠲᠥᠯᠥᠪᠯᠡᠭᠡ ᠨᠢ ᠭᠤᠣᠯᠳᠠᠭᠤ ᠰᠢᠷᠬᠤᠰᠣ ᠶᠢᠨ ᠪᠠᠭᠤᠷᠢ ᠶᠢᠨ ᠲᠥᠯᠥᠭᠡᠯᠡᠬᠦ ᠴᠢᠨᠠᠷᠲᠠᠢ ︿ᠪᠣᠷᠣᠳᠣᠬᠤᠢ ᠬᠥᠮᠥᠨ﹀ ᠪᠠ ᠪᠣᠷᠣᠳᠣᠬᠤᠢ ᠶᠢᠨ ᠲᠣᠮᠣ ᠡᠪᠡᠷᠲᠦ ᠪᠤᠭᠤ᠂ ᠦᠰᠦᠲᠦ ᠬᠡᠷᠢᠰ᠂ ᠸᠠᠩ ᠣᠪᠣᠭᠲᠤ ᠶᠢᠨ ᠤᠰᠤᠨ ᠦᠬᠡᠷ ᠵᠡᠷᠭᠡ ᠠᠴᠠ ᠢᠷᠡᠯᠲᠡ ᠲᠠᠢ ᠪᠥᠭᠡᠳ ᠲᠦᠷᠪᠡᠨ ᠠᠳᠠᠯᠢ ᠪᠤᠰᠤ ᠳᠦᠷᠢ ᠶᠢ ᠦᠨᠳᠦᠰᠦᠯᠡᠨ ᠲᠤᠰ ᠲᠤᠰ IP ᠲᠦᠷᠦᠯ ᠲᠡᠮᠳᠡᠭ ᠤᠨ ᠦᠯᠢᠭᠡᠷ ᠢ ᠨᠡᠷᠡᠯᠡᠵᠦ᠂ ᠴᠣᠭᠴᠠᠯᠠᠨ  ᠪᠦᠲᠦᠭᠡᠵᠠᠢ᠃ ᠪᠢᠳᠡᠨ ᠤ ᠡᠯᠪᠡᠭ ᠪᠠᠶᠠᠯᠢᠭ ᠠᠭᠤᠯᠭ᠎ᠠ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠵᠢᠭᠤᠯᠴᠢᠯᠠᠭᠰᠠᠳ ᠪᠣᠯᠣᠨ ᠬᠤᠳᠠ ᠶᠢᠨ ᠠᠷᠠᠳ ᠤᠨ ᠤᠯᠠᠨ ᠵᠦᠢᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢ ᠬᠦᠰᠡᠵᠦ ᠪᠠᠶᠢᠨ᠎ᠠ︾ ᠭᠡᠵᠡᠢ᠃      ᠬᠤᠷᠠᠯ ᠳᠤ ᠣᠷᠣᠯᠴᠠᠭᠰᠠᠨ ᠵᠠᠭᠤᠴᠢᠯᠠᠭᠤᠷ ᠤᠨ ᠰᠣᠷᠪᠤᠯᠵᠢᠯᠠᠭᠴᠢᠳ ᠢᠯᠡᠷᠬᠡᠶᠢᠯᠡᠬᠦ ᠳᠡᠭᠡᠨ᠂ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠢ ᠦᠷᠭᠦᠯᠵᠢᠯᠡᠨ ᠠᠩᠬᠠᠷᠴᠤ᠂ ᠲᠣᠰ ᠲᠣᠰ ᠤᠨ ᠲᠠᠪᠴᠠᠩ ᠤᠨ ᠳᠠᠪᠠᠭᠤᠯᠢᠭ ᠢᠶᠠᠨ ᠪᠠᠳᠠᠷᠠᠭᠤᠯᠤᠨ᠂ ᠣᠯᠠᠨ ᠶᠠᠩᠵᠤ ᠬᠡᠯᠪᠡᠷᠢ ᠪᠠᠷ ᠮᠡᠳᠡᠭᠡᠯᠡᠯ ᠢ ᠤᠬᠠᠭᠤᠯᠵᠤ᠂ ︽ᠪᠣᠷᠣᠳᠣᠬᠤᠢ ᠬᠥᠮᠥᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠤᠨ ᠤᠬᠠᠭᠤᠯᠭ᠎ᠠ ᠶᠢ ᠬᠠᠮᠲᠤ ᠪᠠᠷ ᠰᠠᠶᠢᠲᠤᠷ ᠬᠢᠨ᠎ᠡ ᠭᠡᠵᠡᠢ᠃                                  ᠰᠣᠷᠪᠤᠯᠵᠢᠯᠠᠭᠴᠢ᠄ ᠰᠣᠯᠣᠩᠭ᠎ᠠ᠂ ᠢᠥᠢ ᠵᠢᠶᠧ ᠮᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ