ᠨᠠᠮ ᠪᠠᠶᠢᠭᠤᠯᠤᠭᠳᠠᠭᠰᠠᠨ 102 ᠵᠢᠯ ᠤᠨ ᠤᠢ ᠶᠢᠨ ᠲᠠᠰᠢᠷᠠᠮ ᠢᠶᠠᠷ᠂ ᠮᠠᠨ ᠤ ᠬᠤᠰᠢᠭᠤᠨ ᠤ ᠪᠠᠲᠤ ᠶᠢᠨ ᠲᠤᠬᠤᠢ ᠶᠢᠨ ᠬᠤᠪᠢᠰᠬᠠᠯᠲᠤ ᠰᠣᠶᠣᠯ ᠤᠨ | ᠵᠢᠵᠢᠭ ᠪᠠᠯᠭᠠᠰᠤ ᠪᠠᠴᠢᠮ ᠶᠠᠭᠠᠷᠠᠯᠲᠠᠢ ᠪᠦᠲᠦᠭᠡᠨ ᠪᠠᠶᠢᠭᠤᠯᠤᠯᠲᠠ ᠪᠠᠷ ᠲᠠᠮᠵᠢᠨ ᠠᠰᠢᠭᠯᠠᠯᠲᠠ ᠳᠤ ᠣᠷᠣᠵᠣ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠪᠣᠯᠣᠨ ᠵᠢᠭᠤᠯᠴᠢᠯᠠᠭᠰᠠᠳ ᠲᠤ ᠣᠷᠳᠣᠰ ᠤᠨ ᠬᠤᠪᠢᠰᠬᠠᠯ ᠤᠨ ᠥᠩᠭᠡᠷᠡᠯᠲᠡ ᠶᠢ ᠠᠮᠢᠳᠤᠯᠢᠭ ᠢᠶᠠᠷ ᠢᠯᠡᠷᠡᠭᠦᠯᠵᠦ ᠮᠤᠤᠠᠤᠰᠤ ᠶᠢᠨ ᠡᠯᠡᠰᠦᠷᠬᠡᠭ ᠭᠠᠵᠠᠷ ᠤᠨ | ᠡᠯᠡᠰᠦ ᠶᠢ ᠵᠠᠰᠠᠬᠤ ᠵᠣᠷᠢᠭ ᠰᠠᠨᠠᠭ᠎ᠠ ᠶᠢ ᠣᠬᠠᠭᠤᠯᠬᠤ ᠪᠤᠯᠤᠭᠰᠠᠨ ᠪᠠᠶᠢᠨ᠎ᠠ᠃ | | | | | | | | ᠬᠤᠰᠢᠭᠤ ᠬᠤᠪᠢᠰᠬᠠᠯ ᠤᠨ ᠦᠯᠢᠭᠡᠷ ᠢ ᠲᠠᠶᠢᠯᠪᠤᠷᠢᠯᠠᠨ ᠰᠤᠳᠤᠯᠵᠤ ᠰᠤᠷᠤᠯᠴᠠᠬᠤ ᠣᠷᠳᠣᠨ ᠳᠤ᠂ ᠣᠶᠢᠷ᠎ᠠ ᠶᠢᠨ ᠬᠤᠭᠤᠴᠠᠭᠠᠨ ᠳᠤ ᠡᠳᠦᠷ ᠪᠣᠯᠭᠠᠨ | ᠲᠣᠭᠤᠷᠢᠨ ᠦᠵᠡᠵᠦ ᠪᠠᠶᠢᠭ᠎ᠠ ᠨᠠᠮ ᠤᠨ ᠭᠡᠰᠢᠭᠦᠨ ᠺᠠᠳ᠋ᠷ ᠲᠠᠰᠤᠷᠠᠯᠳᠡ ᠦᠭᠡᠢ ᠣᠯᠠᠰᠢᠷᠠᠵᠤ ᠬᠤᠪᠢᠰᠬᠠᠯ ᠤᠨ ᠦᠯᠢᠭᠡᠷ ᠤᠨ ᠦᠵᠡᠭᠳᠡᠯ ᠤᠳ ᠤᠨ ᠳᠤᠮᠳᠠ ᠠᠴᠠ | ᠲᠡᠦᠬᠡ ᠶᠢᠨ ᠴᠠᠭ ᠦᠶ᠎ᠡ ᠶᠢᠨ ᠦᠦᠰᠢᠨ ᠠᠷᠠᠳ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠣᠶᠢᠯᠠᠭᠠᠵᠤ ᠪᠠᠶᠢᠨ᠎ᠠ᠃ | | | | | | ᠬᠤᠪᠢᠰᠬᠠᠯ ᠤᠨ ᠦᠯᠢᠭᠡᠷ ᠢ ᠲᠠᠶᠢᠯᠪᠤᠷᠢᠯᠠᠨ ᠰᠤᠳᠤᠯᠵᠤ ᠰᠤᠷᠤᠯᠴᠠᠬᠤ ᠣᠷᠳᠣᠨ ᠨᠢ ᠣᠷᠳᠣᠰ ᠤᠨ ᠰᠢᠨ᠎ᠡ ᠠᠷᠠᠳᠴᠢᠯᠠᠭᠰᠠᠨ ᠶᠣᠰᠣᠨ ᠤ ᠴᠠᠭ | ᠦᠶ᠎ᠡ ᠶᠢᠨ ᠰᠦᠷ ᠳᠠᠯᠠᠶᠢᠴᠠᠲᠠᠢ ᠬᠤᠪᠢᠰᠬᠠᠯ ᠤᠨ ᠲᠡᠦᠬᠡ ᠪᠠᠷ ᠴᠠᠭ ᠦᠶ᠎ᠡ ᠶᠢᠨ ᠠᠬᠤᠢ ᠪᠠᠶᠢᠳᠠᠯ᠂ ᠬᠤᠪᠢᠰᠬᠠᠯᠲᠤ ᠲᠡᠮᠡᠴᠡᠯ ᠤᠨ ᠲᠡᠦᠬᠡ ᠪᠠᠷ ᠳᠡᠯᠭᠡᠨ | ᠦᠵᠡᠭᠦᠯᠬᠦ ᠭᠤᠣᠯ ᠱᠤᠭᠤᠮ᠂ ᠨᠡᠶᠢᠲᠡᠯᠢᠭ ᠳᠦᠷᠢ ᠪᠣᠯᠣᠨ ᠨᠡᠶᠢᠲᠡᠯᠢᠭ ᠬᠡᠷᠡᠭ ᠶᠠᠪᠤᠳᠠᠯ ᠢᠶᠠᠷ ᠴᠢᠬᠤᠯᠠ ᠵᠠᠩᠭᠢᠯᠠᠭ᠎ᠠ ᠪᠣᠯᠭᠠᠵᠤ ︽ᠮᠠᠤ ᠲᠡᠷᠢᠭᠦᠯᠡᠭᠴᠢ | ᠦᠦᠰᠢᠨ ᠤ ᠮᠠᠯᠴᠢᠳ ᠤᠨ ᠲᠣᠭᠤᠷᠢᠨ ᠦᠵᠡᠬᠦ ᠪᠦᠯᠬᠦᠮ ᠢ ᠬᠦᠯᠢᠶᠡᠨ ᠠᠪᠴᠤ ᠠᠭᠤᠯᠵᠠᠭᠰᠠᠨ︾ ︽ᠪᠠᠷᠠᠭᠤᠨ ᠦᠦᠰᠢᠨ ᠤ ᠴᠡᠷᠢᠭ ᠠᠩᠭᠢ ᠵᠢᠷᠤᠮ ᠤᠨ | ᠲᠤᠭ ᠢᠶᠠᠨ ᠡᠷᠭᠦᠭᠰᠡᠨ︾ ︽ᠮᠠᠤ ᠲᠡᠷᠢᠭᠦᠯᠡᠭᠴᠢ ᠪᠣᠯᠣᠨ ᠦᠦᠰᠢᠨ ᠤ ᠰᠢᠷᠭ᠎ᠠ ᠮᠣᠷᠢ︾ ︽ᠦᠦᠰᠢᠨ ᠬᠤᠰᠢᠭᠤ ᠣᠷᠳᠣᠰ ᠤᠨ ᠨᠠᠮ ᠤᠨ ᠲᠡᠦᠬᠡᠨ ᠳᠤ | ᠠᠷᠪᠠᠨ ᠠᠩᠬᠠᠳᠤᠭᠠᠷ ᠲᠤ ᠣᠷᠣᠭᠰᠠᠨ ᠨᠢ︾ ︽ᠪᠠᠲᠤ ᠶᠢᠨ ᠲᠣᠬᠤᠢ ᠠᠩᠬᠠᠳᠠᠭᠴᠢ ᠰᠢᠶᠠᠩ ᠤᠨ ᠰᠣᠪᠢᠶᠠᠳ ᠤᠨ ᠵᠠᠰᠠᠭ ᠤᠨ ᠣᠷᠳᠣᠨ ᠢ ᠪᠠᠶᠢᠭᠤᠯᠤᠭᠰᠠᠨ︾ | ᠵᠡᠷᠭᠡ 22 ᠨᠡᠶᠢᠲᠡᠯᠢᠭ ᠥᠯᠢᠭᠡᠷ ᠢ ᠠᠪᠴᠤ᠂ ᠦᠦᠰᠢᠨ ᠬᠤᠰᠢᠭᠤᠨ ᠤ ᠬᠤᠪᠢᠰᠬᠠᠯ ᠤᠨ ᠲᠡᠦᠬᠡ ᠰᠣᠶᠣᠯ ᠪᠣᠯᠣᠨ ᠬᠤᠪᠢᠰᠬᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠳᠡᠯᠭᠡᠨ ᠦᠵᠡᠬᠦᠯᠵᠦ ᠪᠤᠢ᠃ | | | | | | ᠣᠶᠢᠯᠠᠭᠠᠭᠰᠠᠨ ᠢᠶᠠᠷ᠂ ᠪᠠᠲᠤ ᠶᠢᠨ ᠲᠤᠬᠤᠢ ᠶᠢᠨ ᠬᠤᠪᠢᠰᠬᠠᠯᠲᠤ ᠰᠣᠶᠣᠯ ᠤᠨ ᠵᠢᠵᠢᠭ ᠪᠠᠯᠭᠠᠰᠤᠨ ᠤ ᠲᠥᠰᠥᠪᠯᠡᠭᠰᠡᠨ ᠲᠠᠯᠠᠪᠠᠶ ᠨᠢ 8.92 ᠲᠡᠭᠰᠢ | ᠳᠥᠷᠪᠡᠯᠵᠢᠨ ᠮᠧᠲᠷ ᠲᠤ ᠬᠦᠷᠴᠦ᠂ ᠬᠤᠪᠢᠰᠬᠠᠯ ᠤᠨ ᠬᠥᠮᠦᠵᠢᠯ᠂ ᠨᠠᠮᠴᠢ ᠴᠢᠨᠠᠷ ᠤᠨ ᠪᠣᠯᠪᠠᠰᠤᠷᠠᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠰᠣᠶᠣᠯ ᠤᠨ ᠰᠣᠯᠢᠯᠴᠠᠭ᠎ᠠ᠂ ᠦᠢᠯᠡᠳᠦᠯᠭᠡ ᠶᠢᠨ ᠪᠤᠯᠪᠠᠰᠣᠷᠠᠯ ᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠢ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠣᠨ᠎ᠠ᠃ ᠰᠤᠷᠭᠠᠨ ᠬᠥᠮᠦᠵᠢᠯ ᠤᠨ ᠰᠠᠭᠤᠷᠢᠨ ᠭᠠᠵᠠᠷ ᠲᠤ ᠭᠤᠷᠪᠠᠨ ᠣᠷᠳᠣᠨ | ᠬᠤᠶᠠᠷ ᠬᠠᠭᠤᠴᠢᠨ ᠪᠠᠭᠤᠷᠢ ᠶᠢ ᠲᠣᠬᠢᠷᠠᠭᠤᠯᠵᠤ ᠲᠤᠯᠭᠤᠷ ᠪᠢᠴᠢᠭ᠂ ᠬᠡᠷᠡᠯ ᠵᠢᠷᠤᠭ᠂ ᠸᠢᠳᠢᠤ᠋᠂ ᠲᠣᠰᠣᠨ ᠪᠤᠳᠤᠭ ᠤᠨ ᠵᠢᠷᠤᠭ᠂ ᠠᠬᠤᠢ ᠲᠠᠯᠠᠪᠠᠶ ᠶᠢ | ᠰᠡᠷᠭᠦᠭᠡᠬᠦ ᠵᠡᠷᠭᠡ ᠬᠡᠯᠪᠡᠷᠢ ᠪᠠᠷ ᠣᠷᠳᠣᠰ ᠤᠨ ᠬᠤᠪᠢᠰᠬᠠᠯ ᠤᠨ ᠥᠩᠭᠡᠷᠡᠯᠲᠡ ᠶᠢ ᠠᠮᠢᠳᠤᠯᠢᠭ ᠢᠶᠠᠷ ᠳᠠᠬᠢᠨ ᠢᠯᠡᠷᠡᠭᠦᠯᠪᠡ᠃ | ᠠᠮᠢ ᠠᠬᠤᠢ ᠶᠢᠨ ᠪᠣᠯᠪᠠᠰᠤᠨ ᠤ ᠦᠵᠡᠭᠦᠯᠭᠡ ᠨᠢ ᠲᠡᠭᠷᠢ ᠠᠴᠠ ᠰᠣᠶᠣᠷᠬᠠᠭᠰᠠᠨ ᠭᠤᠣᠯ ᠳᠣᠬᠤᠢ ᠶᠢᠨ ᠠᠮᠢ ᠠᠬᠤᠢ ᠶᠢᠨ ᠡᠬᠢ ᠰᠤᠷᠪᠤᠯᠵᠢ᠂ | ᠦᠶ᠎ᠡ ᠶᠢᠨ ᠦᠶ᠎ᠡ ᠣᠯᠡᠮᠵᠢᠯᠠᠭᠰᠠᠨ ᠡᠯᠡᠰᠦ ᠶᠢ ᠵᠠᠰᠠᠬᠤ ᠵᠣᠷᠢᠭ ᠰᠠᠨᠠᠭ᠎ᠠ᠂ ᠲᠡᠰᠪᠦᠷᠢ ᠬᠠᠲᠠᠭᠤᠵᠢᠯᠲᠠᠢ ᠲᠠᠮᠠᠴᠠᠵᠣ ᠡᠯᠡᠰᠦ ᠮᠠᠩᠬᠠᠨ ᠤ ᠨᠣᠭᠤᠭᠠᠨ ᠪᠦᠷᠢᠳᠦ ᠶᠢ | ᠪᠤᠢ ᠪᠤᠯᠭᠠᠭᠰᠠᠨ ᠵᠡᠷᠭᠡ ᠭᠤᠷᠪᠠᠨ ᠪᠦᠯᠦᠭ ᠢᠶᠠᠷ ᠪᠦᠷᠢᠯᠳᠥᠵᠥ᠂ ᠦᠦᠰᠢᠨ ᠬᠤᠰᠢᠭᠤᠨ ᠤ ᠡᠯᠡᠰᠦ ᠶᠢ ᠵᠠᠰᠠᠬᠤ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ | ᠳᠣᠪᠣᠶᠢᠯᠭᠠᠨ ᠠᠮᠢ ᠠᠬᠤᠢ ᠪᠠᠶᠢᠭᠠᠯᠢ ᠣᠷᠴᠢᠨ ᠢᠶᠠᠨ ᠬᠠᠮᠠᠭᠠᠯᠠᠬᠤ ᠶᠢ ᠰᠢᠨᠵᠢᠯᠡᠬᠦ ᠣᠬᠠᠭᠠᠨᠴᠢ ᠪᠠᠷ ᠲᠦᠭᠡᠮᠡᠯᠵᠢᠭᠦᠯᠬᠦ ᠶᠢ ᠴᠢᠬᠤᠯᠠᠴᠢᠯᠠᠵᠤ ᠡᠯᠡᠰᠦ ᠶᠢ ᠵᠠᠰᠠᠵᠤ | ᠡᠯᠡᠰᠦ ᠶᠢ ᠰᠡᠷᠭᠡᠶᠢᠯᠡᠬᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠬᠠᠭᠤᠯᠤᠭᠰᠠᠨ ᠶᠡᠷᠦᠩᠬᠡᠶᠢᠯᠡᠭᠰᠡᠨ ᠬᠡᠯᠪᠡᠷᠢ ᠶᠢᠨ ᠡᠯᠡᠰᠦ ᠶᠢ | ᠵᠠᠰᠠᠬᠤ ᠠᠮᠢ ᠠᠬᠤᠢ ᠶᠢᠨ ᠣᠷᠳᠣᠨ ᠪᠣᠯᠣᠨ᠋ ᠠ᠃ | ᠡᠭᠦᠨ ᠠᠴᠠ ᠭᠠᠳᠠᠨ᠎ᠠ ᠪᠠᠰᠠ ᠪᠠᠲᠤ ᠶᠢᠨ ᠲᠤᠬᠤᠢ ᠶᠢᠨ ᠬᠤᠪᠢᠰᠬᠠᠯᠲᠤ ᠰᠣᠶᠣᠯ ᠤᠨ ᠵᠢᠵᠢᠭ ᠪᠠᠯᠭᠠᠰᠤᠨ ᠤ ︽ᠬᠤᠶᠠᠷ ᠬᠠᠭᠤᠴᠢᠨ ᠪᠠᠭᠤᠷᠢ︾ ᠪᠣᠯᠬᠤ | ᠨᠠᠷᠢᠠᠭᠤᠤᠯ ᠤᠨ ᠳᠤᠭᠤᠶᠢᠯᠠᠩ ᠤᠨ ᠬᠥ᠋ ᠵᠢᠶᠠ ᠸᠠᠨ ᠤ ᠬᠠᠭᠤᠴᠢᠨ ᠪᠠᠭᠤᠷᠢ ᠪᠠ 1949 ᠣᠨ ᠤ ᠨᠠᠮᠤᠷ ᠤᠨ ᠰᠡᠭᠦᠯᠴᠢ ᠶᠢᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠯᠠᠵᠤ ᠪᠠᠶᠢᠭᠰᠠᠨ ᠬᠠᠭᠤᠴᠢᠨ ᠪᠠᠭᠤᠷᠢ ᠶᠢ ᠴᠤ ᠵᠡᠷᠭᠡᠪᠡᠷ ᠠᠰᠢᠭᠯᠠᠯᠲᠠ ᠳᠤ | ᠣᠷᠣᠭᠤᠯᠵᠤ ᠲᠣᠰ ᠲᠣᠰ ᠣᠷᠳᠣᠰ ᠤᠨ ᠠᠩᠬᠠᠳᠠᠭᠴᠢ ᠨᠠᠮ ᠤᠨ ᠳᠤᠭᠤᠶᠢᠯᠠᠩ ᠤᠨ ᠥᠷᠨᠢᠭᠦᠯᠦᠭᠰᠡᠨ ᠨᠠᠮ ᠤᠨ ᠠᠵᠢᠯᠯᠠᠭ᠎ᠠ ᠪᠠ ᠠᠩᠬᠠᠳᠠᠭᠴᠢ ᠬᠤᠰᠢᠭᠤ | ᠰᠢᠶᠠᠨ ᠤ ᠲᠡᠰ ᠤᠨ ᠨᠠᠮ ᠤᠨ ᠠᠵᠢᠯᠯᠠᠬᠤ ᠬᠤᠷᠢᠶ᠎ᠠ ᠶᠢᠨ ᠬᠤᠪᠢᠰᠬᠠᠯ ᠤᠨ ᠥᠩᠭᠡᠷᠡᠯᠲᠡ ᠶᠢ ᠲᠠᠨᠢᠯᠴᠠᠭᠤᠯᠣᠭᠰᠠᠨ ᠪᠠᠶᠢᠨ᠎ᠠ ᠃ | | | ᠰᠣᠷᠪᠤᠯᠵᠢᠯᠠᠭᠴᠢ᠄ ᠰᠣᠯᠣᠩᠭ᠎ᠠ᠂ ᠸᠠᠩ ᠴᠢ᠂ ᠸᠠᠩ ᠰᠢᠶᠤᠤ ᠯᠢ |