︽ᠪᠣᠷᠣᠲᠣᠬᠤᠶ ᠬᠥᠮᠦᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠰᠢᠷᠢᠰ ᠠᠵᠢᠯᠯᠠᠭ᠎ᠠ ᠵᠢᠴᠢ ᠪᠥᠬᠦ ᠤᠯᠤᠰ ᠤᠨ ᠶᠠᠪᠠᠭᠠᠨ ᠢᠶᠠᠷ ᠠᠶᠠᠯᠠᠵᠤ ᠬᠡᠭᠡᠷ᠎ᠡ ᠪᠠᠭᠤᠳᠠᠯᠯᠠᠬᠤ ᠴᠤᠭᠯᠠᠭᠠᠨ ᠡᠭᠢᠯᠡᠪᠡ
ᠨᠡᠶᠢᠲᠡᠯᠡᠭᠰᠡᠨ ᠴᠠᠭ᠄
2023/8/17
      8 ᠰᠠᠷ᠎ᠠ ᠶᠢᠨ 15 ᠤ ᠡᠳᠦᠷ᠂ ︽ᠪᠣᠷᠣᠲᠣᠬᠤᠶ ᠬᠥᠮᠦᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠰᠢᠷᠢᠰ ᠠᠵᠢᠯᠯᠠᠭ᠎ᠠ ᠵᠢᠴᠢ ᠪᠥᠬᠦ ᠤᠯᠤᠰ ᠤᠨ ᠶᠠᠪᠠᠭᠠᠨ ᠢᠶᠠᠷ ᠠᠶᠠᠯᠠᠵᠤ ᠬᠡᠭᠡᠷ᠎ᠡ ᠪᠠᠭᠤᠳᠠᠯᠯᠠᠬᠤ ᠴᠤᠭᠯᠠᠭᠠᠨ ᠪᠠᠲᠤ ᠶᠢᠨ ᠲᠣᠬᠤᠶ ᠶᠢᠨ ᠬᠤᠪᠢᠰᠬᠠᠯᠲᠤ ᠰᠣᠶᠣᠯ ᠤᠨ ᠵᠢᠵᠢᠭ ᠪᠠᠯᠭᠠᠰᠤᠨ ᠳᠤ ᠡᠭᠢᠯᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠰᠤ᠋ ᠴᠢᠩ ᠫᠦ᠋᠂ ᠬᠤᠰᠢᠭᠤ ᠳᠡᠳ᠋ ᠳᠠᠷᠤᠭ᠎ᠠ ᠮᠠ ᠯᠢ ᠵᠢᠶᠧ᠂ ᠬᠤᠰᠢᠭᠤ ᠰᠣᠶᠣᠯ ᠵᠢᠭᠤᠯᠴᠢᠯᠠᠯ ᠤᠨ ᠲᠣᠪᠴᠢᠶ᠎ᠠ᠂ ᠮᠠᠯ ᠲᠠᠷᠢᠶᠠᠯᠠᠩ ᠰᠤᠶᠤᠯ ᠵᠢᠭᠤᠯᠴᠢᠯᠠᠯ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
1.png
2.png
3.png
      ᠶᠣᠰᠣᠯᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠬᠠᠭᠤᠯᠬᠤ ᠬᠡᠯᠲᠡᠰ ᠤᠨ ᠳᠠᠷᠤᠭ᠎ᠠ ᠰᠤ᠋ ᠴᠢᠩ ᠫᠥ᠋ ᠳᠤᠯᠠᠭᠠᠨ ᠬᠤᠳᠠ ᠶᠢᠨ ᠪᠣᠯᠵᠤᠭ᠎ᠠ᠂ ᠠᠭᠤᠯᠠ ᠤᠰᠤ ᠶᠢ ᠲᠤᠭᠤᠯᠤᠨ᠂ ᠪᠣᠯᠪᠠᠰᠤᠨ ᠢ ᠡᠷᠢᠯᠬᠢᠯᠡᠬᠦ ︽ᠪᠣᠷᠣᠲᠣᠬᠤᠶ ᠬᠥᠮᠦᠨ︾ ᠢ ᠢᠯᠡᠷᠡᠭᠦᠯᠦᠭᠰᠡᠨ 100 ᠵᠢᠯ ᠤᠨ ᠣᠶ ᠶᠢᠨ ᠰᠢᠷᠢᠰ ᠠᠵᠢᠯᠯᠠᠭ᠎ᠠ ᠵᠢᠴᠢ ᠪᠥᠬᠦ ᠤᠯᠤᠰ ᠤᠨ ᠶᠠᠪᠠᠭᠠᠨ ᠢᠶᠠᠷ ᠠᠶᠠᠯᠠᠵᠤ ᠬᠡᠭᠡᠷ᠎ᠡ ᠪᠠᠭᠤᠳᠠᠯᠯᠠᠬᠤ ᠴᠤᠭᠯᠠᠭᠠᠨ ᠡᠬᠢᠯᠡᠭᠰᠡᠨ ᠢ ᠵᠠᠷᠯᠠᠵᠤ᠂ ᠬᠤᠰᠢᠭᠤ ᠳᠡᠳ᠋ ᠳᠠᠷᠤᠭ᠎ᠠ ᠮᠠ ᠯᠢ ᠵᠢᠶᠧ ᠪᠠᠶᠠᠷ ᠤᠨ ᠦᠭᠡ ᠶᠠᠷᠢᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠰᠢᠷᠬᠤᠰᠤ ᠶᠠᠪᠠᠭᠠᠨ ᠢᠶᠠᠷ ᠠᠶᠠᠯᠠᠬᠤ ᠠᠩᠬᠠᠨ ᠤ ᠡᠳᠦᠷ ᠤᠨ ᠫᠠᠶᠢᠰᠠ ᠶᠢ ᠰᠡᠬᠦᠵᠦ᠂ ᠰᠢᠷᠬᠤᠰᠤ ᠶᠢ ᠲᠠᠨᠢᠯᠴᠠᠭᠤᠯᠬᠤ ᠤᠳᠤᠨ ᠵᠡᠷᠭᠡ ᠬᠦᠮᠦᠰ ᠲᠤ ᠫᠠᠶᠢᠰᠠ ᠤᠯᠭᠤᠭᠰᠠᠨ ᠪᠠᠶᠢᠨ᠎ᠠ᠃
4.png
6.png
5.png
7.png
      ᠠᠵᠢᠯᠯᠠᠭ᠎ᠠ ᠳᠤ᠂ ᠱᠠᠨᠰᠢ᠂ ᠨᠢᠩᠰᠢᠶᠠ᠂ ᠬᠥᠬᠡᠨᠠᠭᠤᠷ᠂ ᠱᠠᠨ ᠰᠢ᠂ ᠪᠡᠭᠡᠵᠢᠩ᠂ ᠵᠧᠵᠢᠶᠠᠩ ᠵᠡᠷᠭᠡ ᠪᠥᠬᠦ ᠤᠯᠤᠰ ᠤᠨ 500 ᠭᠠᠷᠤᠶ ᠪᠠᠭ᠋ᠠᠲᠠᠳ 11 ᠶᠠᠪᠠᠭᠠᠨ ᠢᠶᠠᠷ ᠠᠶᠠᠯᠠᠵᠤ ᠬᠡᠭᠡᠷ᠎ᠡ ᠪᠠᠭᠤᠳᠠᠯᠯᠠᠬᠤ ᠪᠦᠯᠬᠦᠮ ᠪᠤᠯᠤᠨ ᠬᠤᠪᠢᠶᠠᠭᠳᠠᠵᠤ᠂ ᠬᠠᠮᠲᠤ ᠪᠠᠷ ︽ᠰᠢᠷᠬᠤᠰᠤ︾᠂ ︽ᠠᠭᠤᠯᠠ ᠤᠰᠤ ᠶᠢ ᠲᠤᠭᠤᠯᠤᠨ᠂ ᠪᠣᠯᠪᠠᠰᠤᠨ ᠢ ᠡᠷᠢᠯᠬᠢᠯᠡᠬᠦ — ᠪᠦᠬᠦ ᠤᠯᠤᠰ ᠤᠨ ᠶᠠᠪᠠᠭᠠᠨ ᠢᠶᠠᠷ ᠠᠶᠠᠯᠠᠵᠤ ᠬᠡᠭᠡᠷ᠎ᠡ ᠪᠠᠭᠤᠳᠠᠯᠯᠠᠬᠤ ᠶᠡᠭᠡ ᠬᠤᠷᠠᠯ︾᠂ ︽︿ᠪᠣᠷᠣᠲᠣᠬᠤᠢ ᠬᠥᠮᠦᠨ﹀ ᠢ ᠢᠯᠡᠷᠡᠭᠦᠯᠦᠭᠰᠡᠨ 100 ᠵᠢᠯ ᠤᠨ ᠤᠢ ᠶᠢᠨ ᠲᠤᠰᠬᠠᠢ ᠰᠡᠳᠦᠪᠲᠦ ᠹᠢᠯᠢᠮ︾  ᠵᠡᠷᠭᠡ ᠭᠤᠶᠢᠳᠠ ᠰᠠᠶᠢᠬᠠᠨ ᠪᠦᠲᠦᠭᠡᠯᠴᠢ ᠸᠢᠳᠢᠣ᠋  ᠪᠢᠴᠢᠯᠭᠡ ᠶᠢ ᠦᠵᠡᠵᠤ᠂ ᠤᠯᠠᠭᠠᠨᠮᠥ᠋ᠴᠢᠷ ᠤᠨ ᠲᠣᠭᠯᠠᠭᠴᠢᠳ ᠠᠴᠠ ︽ᠬᠠᠶᠢᠷ᠎ᠠ ᠬᠠᠯᠠᠮᠵᠢᠳᠤ ᠤᠷᠳᠤᠰ᠂ ᠨᠤᠮᠢᠨ ᠲᠠᠩᠰᠤᠭ ᠦᠦᠰᠢᠨ︾᠂ ︽  ᠰᠢᠷᠬᠤᠰᠤ︾᠂ ︽ᠥᠪᠥᠷ ᠮᠣᠩᠭᠤᠯ ᠢᠶᠠᠨ ᠮᠠᠭᠲᠠᠨ ᠳᠠᠭᠤᠯᠠᠶ᠎ᠠ︾  ᠭᠡᠬᠦ ᠵᠡᠷᠭᠡ ᠭᠤᠶᠢᠳᠠ ᠰᠠᠶᠢᠬᠠᠨ ᠲᠤᠭᠯᠠᠯᠲᠠ ᠭᠠᠷᠭᠠᠭᠰᠠᠨ ᠪᠠᠶᠢᠨ᠎ᠠ᠃
9.png
11.png
10.png
      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠡᠬᠢᠯᠡᠯᠲᠡ ᠶᠢᠨ ᠶᠣᠰᠣᠯᠠᠯ᠂ ᠪᠦᠬᠦ ᠤᠯᠤᠰ ᠤᠨ ᠶᠠᠪᠠᠭᠠᠨ ᠠᠶᠠᠯᠠᠯ ᠤᠨ ᠴᠤᠭᠯᠠᠭᠠᠨ᠂ ᠰᠢᠷᠬᠤᠰᠤ ᠶᠢᠨ ᠲᠤᠯᠭ᠎ᠠ ᠲᠤᠭᠤᠷᠢᠭᠰᠠᠨ ᠶᠠᠷᠢᠯᠴᠠᠭ᠎ᠠ᠂ ᠬᠠᠳᠤᠨ ᠭᠤᠣᠯ ᠤᠨ ᠭᠤᠪᠢ ᠳᠤ ᠬᠡᠭᠡᠷ᠎ᠡ ᠪᠠᠭᠤᠳᠠᠯᠯᠠᠬᠤ ᠵᠡᠷᠭᠡ ᠲᠦᠷᠪᠡᠨ ᠶᠡᠭᠡ ᠠᠵᠢᠯᠯᠠᠭ᠎ᠠ ᠪᠠᠷ ᠪᠥᠷᠢᠯᠳᠦᠵᠦ᠂ 8 ᠰᠠᠷ᠎ᠠ ᠶᠢᠨ 14  ᠠᠴᠠ 8 ᠰᠠᠷ᠎ᠠ ᠶᠢᠨ 16 ᠪᠣᠯᠲᠠᠯ᠎ᠠ 3 ᠡᠳᠦᠷ ᠶᠠᠪᠤᠭᠳᠠᠨ᠂ ᠶᠠᠪᠠᠭᠠᠨ ᠬᠥᠮᠦᠰ ᠰᠢᠷᠬᠤᠰᠤ ᠶᠢᠨ ᠪᠠᠭᠤᠷᠢ ᠶᠢᠨ 2 ᠳ᠋ᠤᠭᠠᠷ ᠦᠵᠡᠮᠵᠢ ᠶᠢᠨ ᠲᠠᠶᠢᠰᠠᠨ ᠠᠴᠠ ᠮᠣᠷᠳᠠᠵᠤ᠂ ᠤᠷᠳᠤᠰ ᠤᠨ ᠡᠭᠦᠳᠡᠨ ᠰᠢᠳᠤᠨ ᠤ ᠪᠠᠭᠤᠷᠢ᠂ ᠸᠠᠩ ᠣᠪᠣᠭᠲᠤ ᠶᠢᠨ ᠤᠰᠤᠨ ᠦᠬᠡᠷ ᠤᠨ ᠪᠠᠭᠤᠷᠢ᠂ ᠶᠠᠩ ᠰᠧ ᠶᠢᠨ ᠲᠤᠬᠤᠢ᠂ ᠮᠢᠯᠠᠩ ᠤᠨ ᠲᠤᠬᠤᠢ ᠪᠠᠷ ᠥᠩᠭᠡᠷᠡᠨ ᠰᠢᠷᠬᠤᠰᠤ ᠪᠠᠷ ᠠᠶᠠᠯᠠᠵᠤ ︽ᠪᠡᠶ᠎ᠡ ᠶᠢᠨ ᠲᠠᠮᠢᠷ + ᠰᠡᠯᠡᠭᠦᠴᠡᠯ + ᠰᠣᠶᠣᠯ + ᠵᠢᠭᠤᠯᠴᠢᠯᠠᠯ ︾ ᠤᠨ ᠠᠭᠤᠰᠤᠯᠴᠠᠯ ᠤᠨ ᠵᠠᠭᠪᠤᠷ ᠢᠶᠠᠷ ᠬᠠᠮᠠᠭᠠᠯᠠᠬᠤ᠂ ᠤᠯᠠᠮᠵᠢᠯᠠᠬᠤ᠂ ᠬᠥᠭᠵᠢᠭᠦᠯᠬᠦ᠂ ᠰᠢᠨ᠎ᠡ ᠶᠢ ᠡᠭᠦᠳᠬᠦ ᠶᠢ ᠪᠡᠶᠡᠯᠡᠭᠦᠯᠵᠦ ᠰᠢᠷᠬᠤᠰᠤ ᠶᠢᠨ ᠠᠮᠢᠵᠢᠷᠠᠯ ᠤᠨ ᠬᠦᠴᠦᠨ ᠢ ᠲᠠᠬᠢᠨᠲᠠ ᠰᠡᠷᠭᠦᠭᠡᠭᠰᠡᠨ ᠪᠠᠶᠢᠨ᠎ᠠ᠃
12.png
13.png
14.png
      ᠲᠠᠷᠠᠭᠠᠴᠢ ᠪᠠᠷ᠂ ᠮᠠᠨ ᠤ ᠬᠤᠰᠢᠭᠤ ᠳᠤᠯᠠᠭᠠᠨ ᠬᠤᠲᠠ ᠶᠢᠨ ᠤᠷᠢᠯᠭ᠎ᠠ ᠶᠢᠨ ᠰᠢᠷᠢᠰ ︽ᠰᠣᠶᠣᠯ ᠵᠢᠭᠤᠯᠴᠢᠯᠠᠯ + ᠪᠡᠶ᠎ᠡ ᠶᠢᠨ ᠲᠠᠮᠢᠷ᠂ ᠰᠤᠷᠭᠠᠨ ᠬᠥᠮᠦᠵᠢᠯ᠂ ᠠᠮᠢ ᠠᠬᠤᠶ᠂ ᠠᠵᠤ ᠦᠢᠯᠡᠳᠪᠤᠷᠢ︾ ᠵᠡᠷᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ ᠪᠥᠬᠦ ᠬᠦᠴᠦᠨ ᠢᠶᠠᠷ ᠮᠠᠨ ᠤ ᠬᠤᠰᠢᠭᠤᠨ ᠤ ᠪᠠᠨ ᠦᠪᠡᠷᠮᠢᠴᠡ ᠤᠨᠴᠠᠯᠢᠭ᠂ ᠠᠮᠢᠵᠢᠷᠠᠯ ᠤᠨ ᠬᠦᠴᠦᠨ ᠢ  ᠭᠦᠢᠴᠡᠳ ᠢᠯᠡᠷᠡᠭᠦᠯᠵᠦ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠶᠡᠭᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠣᠷᠣᠨ ᠵᠠᠶ ᠶᠢ ᠥᠷᠭᠡᠳᠬᠡᠵᠦ ᠨᠣᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠪᠠᠶᠢᠨ᠎ᠠ᠃                             ᠰᠤᠷᠪᠤᠯᠵᠢᠯᠠᠭᠴᠢ᠄ ᠠᠯᠤᠰ᠂ ᠴᠧᠨ ᠸᠧᠢ᠂ ᠯᠢᠤᠢ ᠵᠤᠤ ᠲᠧᠩ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ