ᠤᠷᠳᠤᠰ ᠵᠠᠰᠠᠭ ᠠᠯᠪᠠᠨ ᠲᠠᠷᠬᠠᠭᠠᠭᠰᠠᠨ ﹇2023﹈ 80 ᠳ᠋ᠤᠭᠠᠷ ᠲᠤᠭᠠᠳᠤ | | | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠦᠨᠳᠦᠰᠦᠨ ᠱᠠᠲᠤᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠪ | ᠲᠠᠷᠬᠠᠭᠠᠭᠰᠠᠨ ﹇2021﹈ 16 ᠳ᠋ᠤᠭᠠᠷ ᠲᠣᠭᠠᠲᠤ︶᠂ ︽ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠠ | ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 4 ᠳ᠋ᠤᠭᠡᠷ ᠲᠣᠭᠠᠲᠤ︶ ᠵᠡᠷᠭᠡ | ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠦᠵᠦᠭᠦᠷ ᠤᠨ ᠭᠠᠯ ᠤᠨᠲᠠᠷᠠᠭᠠᠬᠤ ᠠᠮᠤᠷ ᠲᠦᠪᠰᠢᠨ ᠤ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠤᠲᠠ ᠬᠥᠳᠡᠭᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠵᠠᠰᠠᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠰᠠᠭᠤᠷᠢ ᠶᠢ ᠪᠠᠬᠢᠵᠢᠭᠦᠯᠬᠦ ᠶᠢᠨ ᠲᠤᠰᠠᠳᠠ᠂ ᠮᠠᠨ ᠤ ᠬᠤᠲᠠ ᠶᠢᠨ | ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠠᠵᠢᠯ ᠤᠨ ᠬᠠᠷᠠᠯᠲᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠵᠤ ᠤᠨᠲᠠᠷᠠᠭᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠯ ᠰᠡᠷᠭᠡᠶᠢᠯᠡᠵᠤ ᠤᠨᠲᠠᠷᠠᠭᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠤ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 29 | ᠳ᠋ᠦ᠋ᠭᠡᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ︽ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠤᠷᠢᠳᠠᠪᠠᠷ ᠲᠤᠷᠰᠢᠯᠲᠠ ᠬᠢᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠪᠥᠬᠦ ᠲᠠᠯ᠎ᠠ ᠶᠢ ᠬᠠᠮᠤᠷᠬᠤ︾ | ᠵᠠᠷᠴᠢᠮ ᠶᠣᠰᠣᠭᠠᠷ᠂ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠬᠤᠰᠢᠭᠤ ᠲᠣᠭᠤᠷᠢᠭ ᠤᠨ ᠬᠠᠷᠢᠶ᠎ᠠ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠳᠤ ᠴᠥᠮ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠭᠠᠯ ᠰᠡᠷᠭᠡᠶᠢᠯᠡᠵᠤ | ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠦᠷᠢᠨᠰᠢᠬᠦᠯᠦᠨ᠎ᠠ︔ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠡᠯ᠎ᠡ ᠰᠤᠮᠤ | ᠰᠢᠶᠠᠩ ᠪᠠᠯᠭᠠᠰᠤ ᠴᠥᠮ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠰᠡᠷᠭᠡᠶᠢᠯᠡᠵᠤ ᠤᠨᠲᠠᠷᠠᠭᠠᠬᠤ ᠠᠩᠭᠢ ᠪᠤᠶᠤ ᠰᠠᠶᠢᠨ ᠳᠤᠷ᠎ᠠ ᠶᠢᠨ ᠭᠠᠯ | ᠰᠡᠷᠭᠡᠶᠢᠯᠡᠵᠤ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠵᠠᠰᠠᠯᠲᠠ ᠶᠢᠨ ᠨᠡᠶᠢᠭᠡᠮᠴᠢᠯᠡᠭᠰᠡᠨ ᠬᠢᠷᠢ ᠳᠥᠪᠰᠢᠨ ᠢ | ᠲᠣᠭᠲᠠᠭᠤᠨ ᠢᠶᠠᠷ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠴᠢᠩᠭ᠎ᠠ ᠬᠦᠴᠦᠲᠡᠶ ᠭᠠᠯ | ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃ | ᠬᠤᠶᠠᠷ᠂ ᠠᠵᠢᠯ ᠤᠨ ᠡᠭᠦᠷᠭᠡ | ︵ᠨᠢᠭᠡ︶ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠳᠥᠪᠰᠢᠨ ᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠡᠯ᠎ᠡ ᠬᠤᠰᠢᠭᠤ | ᠲᠣᠭᠤᠷᠢᠭ ᠨᠢ ︽ᠣᠷᠳᠣᠰ ᠬᠤᠲᠠ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ︾ | ︵ᠣᠷᠳᠣᠰ ᠵᠠᠰᠠᠭ ᠠᠯᠪᠠᠨ ᠲᠠᠷᠬᠠᠭᠠᠭᠰᠠᠨ ﹇2022﹈ 93 ᠳ᠋ᠤᠭᠠᠷ ᠲᠣᠭᠠᠲᠤ︶ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ᠂ ︽ᠬᠤᠰᠢᠭᠤ | ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶︾ ᠭᠤᠷᠪᠠᠨ ᠱᠠᠲᠤᠨ ᠤ ᠭᠠᠯ ᠰᠡᠷᠭᠡᠶᠢᠯᠡᠵᠤ | ᠤᠨᠲᠠᠷᠠᠭᠠᠬᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠴᠢᠨᠠᠭᠰᠢᠳᠠ ᠰᠢᠯᠤᠭᠤᠳᠬᠠᠵᠤ᠂ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠭᠤᠤᠯ ᠬᠠᠷᠢᠭᠤᠴᠠᠯᠭᠠᠲᠠᠨ ᠨᠢ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠨᠢᠭᠡᠳᠦᠭᠡᠷ | ᠬᠠᠷᠢᠭᠤᠴᠠᠯᠭᠠᠲᠠᠨ ᠪᠠᠶᠢᠵᠤ᠂ ᠬᠤᠪᠢᠶᠠᠨ ᠬᠠᠮᠢᠶᠠᠷᠬᠤ ᠬᠠᠷᠢᠭᠤᠴᠠᠯᠭᠠᠲᠠᠨ ᠨᠢ ᠭᠤᠤᠯ ᠬᠠᠷᠢᠭᠤᠴᠠᠯᠭᠠᠲᠠᠨ ᠪᠠᠶᠢᠵᠤ᠂ ᠤᠳᠤᠷᠢᠳᠬᠤ ᠪᠠᠭ ᠤᠨ ᠪᠤᠰᠤᠳ | ᠪᠦᠷᠢᠯᠳᠦᠬᠦᠨ ᠬᠤᠪᠢᠶᠠᠨ ᠬᠠᠮᠢᠶᠠᠷᠬᠤ ᠬᠡᠪᠴᠢᠶᠡᠨ ᠳᠣᠲᠣᠷᠠᠬᠢ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠳᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠳᠥᠪᠰᠢᠨ ᠤ ᠬᠠᠮᠢᠶᠠᠷᠤᠭᠴᠢ ᠶᠢ ᠲᠣᠭᠲᠠᠭᠠᠵᠤ᠂ | ᠭᠠᠯ ᠰᠡᠷᠭᠡᠶᠢᠯᠡᠬᠦ ᠨᠡᠶᠢᠲᠡ ᠶᠢᠨ ᠭᠡᠷ᠎ᠡ ᠲᠣᠭᠲᠠᠭᠠᠨ᠂ ︽ᠣᠯᠠᠨ ᠡᠷᠦᠬᠡ ᠬᠠᠮᠲᠤᠷᠠᠨ ᠰᠡᠷᠭᠡᠶᠢᠯᠡᠬᠦ᠂ ᠣᠷᠣᠨ ᠪᠦᠰᠡ ᠬᠠᠮᠲᠤᠷᠠᠨ ᠰᠡᠷᠭᠡᠶᠢᠯᠡᠬᠦ︾ ᠭᠠᠯ | ᠰᠡᠷᠭᠡᠶᠢᠯᠡᠵᠤ ᠤᠨᠲᠠᠷᠠᠭᠠᠬᠤ ᠠᠵᠢᠯ ᠤᠨ ᠵᠠᠭᠪᠤᠷ ᠢ ᠪᠣᠶ ᠪᠣᠯᠭᠠᠵᠤ᠂ ᠣᠯᠠᠨ ᠲᠦᠮᠡᠨᠴᠢ ᠴᠢᠨᠠᠷᠲᠠᠶ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠢ ᠥᠷᠨᠢᠭᠦᠯᠬᠦ | ᠬᠡᠷᠡᠭᠲᠡᠶ᠃ | ︵ᠬᠤᠶᠠᠷ︶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠯ ᠰᠡᠷᠭᠡᠶᠢᠯᠡᠬᠦ ᠠᠶᠤᠯᠭᠦᠢ ᠶᠢᠨ ᠠᠵᠢᠯ ᠤᠨ ᠵᠥᠪᠯᠡᠯ ᠢ ᠪᠠᠶᠢᠭᠤᠯᠤᠨ᠎ᠠ᠃ ᠡᠯ᠎ᠡ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠤ ᠤᠨᠲᠠᠷᠠᠭᠠᠬᠤ ᠲᠦᠷᠢᠮ︾᠂ ︽ | ᠣᠷᠳᠣᠰ ᠬᠤᠲᠠ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾ ︵ᠣᠷᠳᠣᠰ | ᠵᠠᠰᠠᠭ ᠠᠯᠪᠠᠨ ᠲᠠᠷᠬᠠᠭᠠᠭᠰᠠᠨ ﹇2022﹈ 93 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠣᠰ ᠭᠠᠵᠠᠷ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠣᠯᠠᠨ ᠵᠦᠢᠯ ᠤᠨ | ᠬᠡᠯᠪᠡᠷᠢ ᠪᠠᠷ ᠳᠠᠮᠵᠢᠭᠤᠯᠤᠨ᠂ ᠭᠤᠤᠯ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠭᠠᠯ ᠰᠡᠷᠭᠡᠶᠢᠯᠡᠬᠦ ᠠᠶᠤᠯᠭᠦᠢ ᠶᠢᠨ ᠠᠵᠢᠯ ᠤᠨ ᠵᠥᠪᠯᠡᠯ ᠢ ᠪᠠᠶᠢᠭᠤᠯᠵᠤ᠂ | ᠰᠠᠯᠠᠭ᠎ᠠ ᠮᠥᠴᠢᠷ ︵ᠨᠢᠭᠡᠴᠢ︶ ᠤᠨ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠡᠭᠦᠷᠭᠡ ᠬᠠᠷᠢᠴᠠᠭᠤᠯᠭ᠎ᠠ ᠶᠢ ᠲᠤᠳᠤᠷᠬᠠᠶᠢᠯᠠᠵᠤ᠂ ᠭᠠᠯ ᠰᠡᠷᠭᠡᠶᠢᠯᠡᠵᠤ | ᠤᠨᠲᠠᠷᠠᠭᠠᠬᠤ ᠠᠵᠢᠯ ᠤᠨ ᠪᠣᠳᠠᠲᠠᠶ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠲᠦᠷᠢᠮ ᠢ | ᠪᠦᠷᠢᠨᠰᠢᠬᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠠᠷᠭ᠎ᠠ ᠰᠡᠳᠦᠨ ᠪᠠᠶᠢᠷᠢᠯᠠᠭᠤᠯᠵᠤ᠂ ᠲᠣᠰ ᠬᠠᠷᠢᠶ᠎ᠠ ᠣᠷᠣᠨ ᠤ ᠪᠠᠨ ᠭᠠᠯ ᠰᠡᠷᠭᠡᠶᠢᠯᠡᠵᠤ | ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠢᠮᠳᠠᠭᠤᠯᠤᠨ ᠵᠢᠯᠣᠭᠤᠳᠴᠤ᠂ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ | ︵ᠭᠤᠷᠪᠠ︶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠤᠳᠤ ᠪᠠᠶᠢᠭ᠎ᠠ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠪᠤᠶᠤ ᠵᠠᠰᠠᠭ ᠤᠨ ᠣᠷᠳᠣᠨ ᠤ ᠲᠤᠰᠬᠠᠶ ᠲᠤᠰᠢᠶᠠᠯᠲᠤ ᠭᠠᠯ ᠰᠡᠷᠭᠡᠶᠢᠯᠡᠵᠤ | ᠤᠨᠲᠠᠷᠠᠭᠠᠬᠤ ᠠᠩᠭᠢ ᠳᠤ ᠲᠦᠰᠢᠭᠯᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ᠂ ᠦᠨᠳᠦᠰᠦᠨ ᠱᠠᠲᠤᠨ ᠤ ᠦᠵᠦᠭᠦᠷ ᠤᠨ ᠭᠠᠯ ᠰᠡᠷᠭᠡᠶᠢᠯᠡᠵᠤ ᠤᠨᠲᠠᠷᠠᠭᠠᠬᠤ ᠵᠠᠰᠠᠯᠲᠠ ᠶᠢᠨ ᠡᠭᠦᠷᠭᠡ ᠴᠢᠳᠠᠪᠤᠷᠢ ᠶᠢ | ᠭᠦᠢᠴᠡᠳᠬᠡᠵᠦ᠂ ᠠᠵᠢᠯ ᠤᠨ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ ᠪᠠᠲᠤᠯᠠᠬᠤ ᠬᠡᠷᠡᠭᠲᠡᠢ᠃ ᠠᠵᠢᠯᠲᠠᠨ ᠢ ᠣᠳᠣ | ᠪᠠᠶᠢᠭ᠎ᠠ ᠬᠥᠮᠦᠰ ᠢᠶᠠᠷ ᠲᠤᠰᠢᠶᠠᠯ ᠬᠠᠪᠰᠤᠷᠭᠠᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠠᠴᠠ ᠠᠵᠢᠯᠲᠠᠨ ᠡᠯᠰᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠨᠥᠬᠦᠪᠥᠷᠢᠯᠡᠵᠦ ᠪᠣᠯᠤᠨ᠎ᠠ᠃ ᠬᠠᠷᠢᠶ᠎ᠠ ᠭᠠᠵᠠᠷ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠪᠠᠶᠢᠭᠤᠯᠤᠮᠵᠢ ᠨᠢ ᠭᠠᠯ | ᠰᠡᠷᠭᠡᠶᠢᠯᠡᠵᠤ ᠤᠨᠲᠠᠷᠠᠭᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠦᠢᠯᠡᠰ ᠢ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠨᠠᠶᠢᠳᠠᠵᠤ ᠡᠭᠦᠷᠭᠡᠯᠡᠭᠦᠯᠵᠦ ᠪᠣᠯᠣᠨ᠎ᠠ᠂ | ᠬᠠᠤᠯᠢ ᠬᠡᠷᠡᠭᠵᠢᠭᠦᠯᠬᠦ ᠠᠵᠢᠯᠲᠠᠨ ᠦᠨᠡᠮᠯᠡᠯ ᠢᠶᠠᠷ ᠠᠵᠢᠯ ᠤᠨ ᠪᠠᠶᠢᠷᠢᠨ ᠳᠤ ᠭᠠᠷᠴᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠭᠠᠯ ᠰᠡᠷᠭᠡᠶᠢᠯᠡᠵᠤ | ᠤᠨᠲᠠᠷᠠᠭᠠᠬᠤ ᠠᠵᠢᠯ ᠤᠨ ᠵᠢᠯᠣᠭᠤᠳᠤᠯᠭ᠎ᠠ᠂ ᠭᠠᠯ ᠰᠡᠷᠭᠡᠶᠢᠯᠡᠵᠤ ᠤᠨᠲᠠᠷᠠᠭᠠᠬᠤ ᠠᠶᠤᠯ ᠦᠭᠡᠶ ᠶᠢᠨ ᠪᠠᠶᠢᠴᠠᠭᠠᠯᠲᠠ᠂ ᠭᠠᠯ ᠤᠨᠲᠠᠷᠠᠭᠠᠬᠤ ᠤᠬᠠᠭᠤᠯᠭ᠎ᠠ | ᠬᠥᠮᠦᠵᠢᠯ ᠤᠨ ᠪᠣᠯᠪᠠᠰᠤᠷᠠᠭᠤᠯᠤᠯ ᠤᠨ ᠡᠭᠦᠷᠭᠡ ᠶᠢ ᠪᠣᠳᠠᠲᠠᠢ ᠬᠠᠷᠢᠭᠤᠴᠠᠬᠤ ᠬᠡᠷᠡᠭᠲᠡᠢ᠃ | ︵ᠳᠥᠷᠪᠡ︶ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠤᠨ ᠪᠠᠷᠢᠮᠵᠢᠶ᠎ᠠ ︽ᠰᠢᠶᠠᠩ ᠪᠠᠯᠭᠠᠰᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠩᠭᠢ︾ ︵GB/T35547-2017︶ ᠪᠠ ︽ᠣᠷᠳᠣᠰ | ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠦᠢᠯᠡᠰ ᠤᠨ ᠲᠥᠯᠥᠪᠵᠢᠭᠦᠯᠭᠡ︾ ︵ | ᠣᠷᠳᠣᠰ ᠵᠠᠰᠠᠭ ᠲᠠᠷᠬᠠᠭᠠᠭᠰᠠᠨ ﹇2021﹈ 321 ᠳ᠋ᠤᠭᠡᠷ ᠲᠣᠭᠠᠲᠤ︶ ᠶᠣᠰᠣᠭᠠᠷ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠶ ᠭᠠᠯ ᠰᠡᠷᠭᠡᠶᠢᠯᠡᠵᠤ | ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭ᠎ᠠ ᠰᠤᠮᠤ ᠰᠢᠶᠠᠩ ᠪᠠᠯᠭᠠᠰᠤ ᠠᠴᠠ ᠭᠠᠳᠠᠨ᠎ᠠ᠂ ᠰᠤᠮᠤ ᠰᠢᠶᠠᠩ ᠪᠠᠯᠭᠠᠰᠤ ᠨᠢᠭᠡᠪᠦᠷᠢ ᠳᠤ ᠴᠥᠮ ᠰᠢᠶᠠᠩ | ᠪᠠᠯᠭᠠᠰᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠩᠭᠢ ᠪᠠᠶᠢᠭᠤᠯᠬᠤ ᠬᠡᠷᠡᠭᠲᠡᠶ᠃ ᠵᠠᠷᠴᠢᠮ ᠳᠡᠭᠡᠷ᠎ᠡ ᠪᠠᠨ ᠪᠦᠬᠦ ᠤᠯᠤᠰ ᠤᠨ ᠭᠤᠤᠯᠳᠠᠯᠭ᠎ᠠ ᠲᠠᠢ ᠪᠠᠯᠭᠠᠰᠤ᠂ | ᠮᠤᠵᠢ ᠶᠢᠨ ᠱᠠᠲᠤᠨ ᠤ ᠭᠤᠤᠯᠳᠠᠯᠭ᠎ᠠ ᠲᠠᠢ ᠪᠠᠯᠭᠠᠰᠤ᠂ ᠲᠥᠪ ᠪᠠᠯᠭᠠᠰᠤ ᠶᠢᠨ ᠪᠠᠶᠢᠭᠤᠯᠤᠭᠰᠠᠨ ᠲᠣᠭᠤᠷᠢᠭ ᠤᠨ ᠲᠠᠯᠠᠪᠠᠶ ᠨᠢ 2 ᠲᠡᠭᠰᠢ ᠳᠥᠷᠪᠡᠯᠵᠢᠨ | ᠺᠢᠯᠣᠮᠧᠲᠷ ᠪᠤᠶᠤ ᠪᠠᠶᠢᠭᠤᠯᠤᠭᠰᠠᠨ ᠲᠣᠭᠤᠷᠢᠭ ᠤᠨ ᠳᠣᠲᠣᠷᠠᠬᠢ ᠪᠠᠶᠢᠩᠭᠤ ᠰᠠᠭᠤᠭ᠎ᠠ ᠬᠥᠮᠦᠨ ᠠᠮᠠ ᠨᠢ 2 ᠲᠦᠮᠡ ᠶᠢ ᠳᠠᠪᠠᠭᠰᠠᠨ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠨᠢ ᠤᠯᠤᠰ ᠤᠨ ᠪᠠᠷᠢᠮᠵᠢᠶ᠎ᠠ ᠶᠣᠰᠣᠭᠠᠷ ᠰᠢᠶᠠᠩ ᠪᠠᠯᠭᠠᠰᠤᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ | ᠪᠤᠰᠤᠳ ᠨᠢ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ᠶᠢ ᠪᠠᠶᠢᠭᠤᠯᠤᠨ᠎ᠠ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠣᠯᠠᠨ ᠲᠦᠮᠡᠨ ᠤ | ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ︶ ᠶᠢ ᠪᠠᠶᠢᠭᠤᠯᠵᠤ᠂ ︽ᠰᠢᠶᠠᠩ ᠪᠠᠯᠭᠠᠰᠤᠨ ᠤ ᠭᠠᠯ | ᠤᠨᠲᠠᠷᠠᠭᠠᠬᠤ ᠠᠩᠭᠢ︾ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠬᠥᠮᠦᠨ ᠵᠢᠴᠢ ᠪᠠᠭᠠᠵᠢ ᠬᠡᠷᠡᠭᠰᠡᠯ ᠢ ᠪᠦᠷᠢᠨ ᠭᠦᠢᠴᠡᠳ ᠲᠣᠬᠢᠷᠠᠭᠤᠯᠬᠤ ᠬᠡᠷᠡᠭᠲᠡᠶ᠃ ᠡᠯ᠎ᠡ | ᠬᠤᠰᠢᠭᠤ ᠲᠣᠭᠤᠷᠢᠭ ᠨᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠳᠤᠲᠤᠷ᠎ᠠ ᠵᠢᠵᠢᠭᠦᠷᠯᠡᠬᠦ ᠲᠡᠶᠢᠨ ᠤ ᠪᠡᠯᠡᠳᠬᠡᠯ ᠤᠨ ᠱᠠᠭᠠᠷᠳᠠᠯᠭ᠎ᠠ ᠳᠤ | ᠨᠡᠶᠢᠴᠡᠬᠦ ᠠᠵᠤ ᠠᠬᠤᠶᠢᠯᠠᠯ ᠤᠨ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠠᠩᠭᠢ ᠶᠢ ᠦᠨᠳᠦᠰᠦᠨ ᠱᠠᠲᠤᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ | ᠬᠦᠴᠦᠨ ᠤ ᠲᠣᠭᠲᠠᠯᠴᠠᠭ᠎ᠠ ᠳᠤ ᠣᠷᠣᠭᠤᠯᠵᠤ᠂ ᠨᠢᠭᠡᠳᠦᠯᠲᠡᠶ ᠵᠢᠯᠣᠭᠤᠳᠬᠤ᠂ ᠨᠢᠭᠡᠳᠦᠯᠲᠡᠶ ᠲᠣᠬᠢᠷᠠᠭᠤᠯᠬᠤ ᠶᠢ ᠪᠡᠶᠡᠯᠡᠭᠦᠯᠬᠦ ᠬᠡᠷᠡᠭᠲᠡᠶ᠃ 2023 ᠣᠨ ᠤ | ᠡᠴᠦᠰ ᠠᠴᠠ ᠡᠮᠦᠨ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠲᠤᠰᠬᠠᠶ ︵ᠲᠤᠰᠢᠶᠠᠯ ᠬᠠᠪᠰᠤᠷᠭᠠᠭᠰᠠᠨ︶ ᠲᠤᠰᠢᠶᠠᠯᠲᠤ ᠭᠠᠯ ᠤᠨᠲᠠᠷᠠᠭᠠᠬᠤ | ᠠᠩᠭᠢ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠣᠯᠠᠨ ᠲᠦᠮᠡᠨ ᠤ ᠰᠠᠶᠢᠨ ᠳᠤᠷ᠎ᠠ ᠶᠢᠨ ᠭᠠᠯ ᠤᠨᠲᠠᠷᠠᠭᠠᠬᠤ ᠠᠩᠭᠢ ︵ᠪᠢᠴᠢᠯ ᠬᠡᠯᠪᠡᠷᠢ ᠶᠢᠨ | ᠭᠠᠯ ᠤᠨᠲᠠᠷᠠᠭᠠᠬᠤ ᠥᠷᠲᠡᠭᠡ︶ ᠶᠢ ᠪᠦᠬᠦᠨ ᠢ ᠬᠠᠮᠤᠷᠤᠭᠤᠯᠬᠤ ᠶᠢ ᠪᠡᠶᠡᠯᠡᠬᠦᠯᠬᠦ ᠬᠡᠷᠡᠭᠲᠡᠢ᠃ | ︵ᠲᠠᠪᠤ ︶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠬᠤᠲᠠ᠂ ᠬᠤᠰᠢᠭᠤ ᠲᠣᠭᠤᠷᠢᠭ ᠤᠨ ᠬᠤᠶᠠᠷ ᠱᠠᠲᠤᠨ ᠤ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ︽ᠣᠷᠳᠣᠰ | ᠬᠤᠲᠠ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ ᠬᠡᠷᠡᠭᠵᠢᠭᠦᠯᠬᠦ ᠠᠷᠭ᠎ᠠ︾ ︵ᠣᠷᠳᠣᠰ ᠵᠠᠰᠠᠭ ᠠᠯᠪᠠᠨ | ᠲᠠᠷᠬᠠᠭᠠᠭᠰᠠᠨ ﹇2022﹈ 93 ᠳ᠋ᠤᠭᠠᠷ ᠲᠣᠭᠠᠲᠤ︶ ᠶᠣᠰᠣᠭᠠᠷ᠂ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠦᠷᠢᠶᠡᠨ ᠤ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠢ ᠱᠠᠭᠠᠷᠳᠠᠨ ᠵᠢᠯᠣᠭᠤᠳᠬᠤ ᠪᠠᠨ ᠴᠢᠩᠭᠠᠳᠬᠠᠵᠤ᠂ | ᠪᠤᠶᠢᠳᠠ ᠪᠥᠭᠯᠡᠭᠦᠤ ᠰᠤᠮᠤ ᠰᠢᠶᠠᠩ ᠪᠠᠯᠭᠠᠰᠤ᠂ ᠬᠤᠲᠠ ᠬᠥᠳᠡᠭᠡ ᠶᠢᠨ ᠠᠭᠤᠯᠵᠠᠷ ᠭᠠᠵᠠᠷ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢ ᠬᠢᠨᠠᠨ | ᠬᠠᠮᠢᠶᠠᠷᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠥᠮᠦᠨ ᠣᠯᠠᠨ ᠬᠤᠷᠢᠭᠰᠠᠨ᠂ ᠨᠣᠴᠣᠮᠠᠲᠠᠭᠠᠶ ᠳᠡᠯᠪᠡᠷᠡᠮᠡᠲᠡᠭᠡᠶ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠡᠷᠲᠡᠨ ᠤ ᠪᠠᠷᠢᠯᠭ᠎ᠠ᠂ ᠦᠢᠯᠡᠳᠪᠦᠷᠢᠯᠡᠯ ᠡᠵᠡᠩᠨᠡᠯᠲᠡ ᠳᠤ ᠬᠡᠷᠡᠭᠯᠡᠬᠦ ᠥᠪᠡᠰᠦᠪᠡᠨ ᠪᠠᠷᠢᠭᠰᠠᠨ ᠭᠡᠷ ᠪᠠᠶᠢᠰᠢᠩ᠂ ᠠᠶᠢᠯ ᠪᠠᠭᠤᠳᠠᠯ᠂ ᠬᠥᠳᠡᠭᠡ | ᠠᠶᠢᠯ ᠤᠨ ᠵᠢᠭᠤᠯᠴᠢᠯᠠᠯ ᠵᠡᠷᠭᠡ ᠭᠠᠯ ᠤᠨ ᠠᠶᠤᠯ ᠲᠦᠭᠰᠢᠭᠦᠷᠢ ᠪᠠᠷ ᠨᠡᠯᠢᠶᠡᠳ ᠥᠨᠳᠥᠷ ᠪᠠᠶᠢᠭ᠎ᠠ ᠨᠢᠭᠡᠴᠢ ᠲᠠᠯᠠᠪᠤᠷ ᠭᠠᠵᠠᠷ ᠢ ᠠᠵᠢᠯ ᠲᠥᠷᠥᠯ ᠤᠨ | ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠵᠢᠭᠰᠠᠭᠠᠨ ᠣᠷᠣᠭᠤᠯᠬᠤ ᠶᠢ ᠠᠬᠢᠭᠤᠯᠬᠤ ᠬᠡᠷᠡᠭᠲᠡᠶ᠃ ᠲᠡᠷᠡᠴᠢᠯᠡᠨ᠂ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ︶ ᠳᠤ ᠪᠠᠶᠢᠴᠠᠭᠠᠵᠤ ᠢᠯᠡᠷᠡᠭᠦᠯᠦᠭᠰᠡᠨ ᠠᠵᠢᠯ ᠲᠥᠷᠥᠯ ᠤᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ | ᠲᠦᠭᠰᠢᠭᠦᠷᠢ ᠳᠤ ᠠᠵᠢᠯ ᠲᠥᠷᠥᠯ ᠤᠨ ᠭᠤᠤᠯᠳᠠᠯᠭ᠎ᠠ ᠲᠠᠢ ᠱᠠᠭᠠᠷᠳᠠᠨ ᠭᠦᠢᠴᠡᠳᠬᠡᠵᠤ ᠴᠡᠭᠴᠡᠯᠡᠨ ᠵᠠᠰᠠᠬᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠶ᠃ | ︵ᠵᠢᠷᠭᠤᠭ᠎ᠠ︶ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠳᠥᠪᠰᠢᠨ ᠤ ᠬᠠᠮᠢᠶᠠᠷᠤᠯᠲᠠ ᠶᠢᠨ ᠲᠤᠤᠷᠵᠢᠯ ᠢ ᠪᠠᠶᠢᠭᠤᠯᠤᠨ᠎ᠠ᠃ ᠡᠯ᠎ᠡ ᠬᠤᠰᠢᠭᠤ | ᠲᠣᠭᠤᠷᠢᠭ ᠭᠠᠯ ᠰᠡᠷᠭᠡᠶᠢᠯᠡᠵᠤ ᠤᠨᠲᠠᠷᠠᠭᠠᠬᠤ ᠵᠠᠰᠠᠯᠲᠠ ᠶᠢ ᠦᠨᠳᠦᠰᠦᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ ᠯᠤᠭ᠎ᠠ ᠣᠷᠭᠠᠨᠢᠭ ᠢᠶᠠᠷ | ᠠᠭᠤᠰᠤᠯᠴᠠᠭᠤᠯᠵᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ | ᠬᠠᠷᠢᠭᠤᠴᠠᠯᠭᠠᠲᠠᠨ ᠤ ᠣᠷᠣᠨ ᠪᠦᠰᠡ ᠬᠤᠪᠢᠶᠠᠨ ᠬᠠᠮᠢᠶᠠᠷᠤᠭᠰᠠᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠲᠤᠤᠷᠵᠢᠯ ᠢ ᠪᠠᠶᠢᠭᠤᠯᠵᠤ᠂ | ᠲᠤᠤᠷᠵᠢᠯ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ ᠡᠯ᠎ᠡ ᠬᠤᠰᠢᠭᠤ ᠲᠣᠭᠤᠷᠢᠭ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠶᠢᠨ ᠬᠢᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠡᠳᠦᠷ ᠲᠤᠳᠤᠮ ᠤᠨ ᠭᠠᠯ ᠰᠡᠷᠭᠡᠶᠢᠯᠡᠵᠤ ᠤᠨᠲᠠᠷᠠᠭᠠᠬᠤ ᠠᠵᠢᠯ | ᠢ ᠬᠢᠨᠠᠨ ᠪᠠᠶᠢᠴᠠᠭᠠᠬᠤ᠂ ᠭᠠᠯ ᠰᠡᠷᠭᠡᠶᠢᠯᠡᠵᠤ ᠤᠨᠲᠠᠷᠠᠭᠠᠬᠤ ᠤᠬᠠᠭᠤᠯᠭ᠎ᠠ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ | ᠦᠷᠭᠦᠯᠵᠢᠯᠡᠨ ᠵᠢᠯᠣᠭᠤᠳᠴᠤ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ ᠲᠤᠤᠷᠵᠢᠯ ᠤᠨ ᠠᠷᠠᠳ ᠤᠨ ᠴᠠᠭᠳᠠᠭ᠎ᠠ ᠶᠢᠨ ᠭᠠᠯ ᠰᠡᠷᠭᠡᠶᠢᠯᠡᠵᠤ | ᠤᠨᠲᠠᠷᠠᠭᠠᠬᠤ ᠶᠢ ᠬᠢᠨᠠᠨ ᠬᠠᠮᠢᠶᠠᠷᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ ᠬᠤᠰᠢᠭᠤ | ᠲᠣᠭᠤᠷᠢᠭ ᠤᠨ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠯᠤᠭ᠎ᠠ ᠨᠢᠭᠲᠠ ᠬᠠᠮᠵᠢᠯᠴᠠᠵᠤ᠂ ᠦᠵᠦᠭᠦᠷ ᠤᠨ ᠭᠠᠯ ᠤᠨᠲᠠᠷᠠᠭᠠᠬᠤ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠪᠣᠭᠤᠮᠲᠠ ᠶᠢ ᠤᠷᠤᠭᠰᠢ ᠰᠢᠯᠵᠢᠭᠦᠯᠵᠦ᠂ ᠲᠤᠤᠷᠵᠢᠯ | ᠤᠨ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠭᠠᠯ ᠰᠡᠷᠭᠡᠶᠢᠯᠡᠵᠤ ᠤᠨᠲᠠᠷᠠᠭᠠᠬᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ | ᠰᠤᠷᠤᠯᠴᠠᠯᠭ᠎ᠠ ᠬᠢᠵᠦ᠂ ᠲᠤᠤᠷᠵᠢᠯ ᠤᠨ ᠠᠵᠢᠯᠲᠠᠨ ᠤ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠮᠡᠳᠡᠭᠡ ᠵᠠᠩᠭᠢ ᠴᠤᠭᠯᠠᠭᠤᠯᠬᠤ᠂ ᠳᠡᠭᠡᠭᠰᠢ | ᠮᠡᠳᠡᠭᠦᠯᠬᠦ ᠶᠠᠪᠤᠴᠠ ᠶᠢ ᠨᠠᠷᠢᠯᠢᠭᠵᠢᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠳᠦᠷ ᠲᠤᠲᠤᠮ ᠤᠨ ᠭᠠᠯ ᠰᠡᠷᠭᠡᠶᠢᠯᠡᠬᠦ ᠲᠣᠭᠤᠷᠢᠨ | ᠪᠠᠶᠢᠴᠠᠭᠠᠯᠲᠠ᠂ ᠭᠠᠯ ᠰᠡᠷᠭᠡᠶᠢᠯᠡᠵᠤ ᠤᠨᠲᠠᠷᠠᠭᠠᠬᠤ ᠤᠬᠠᠭᠤᠯᠭ᠎ᠠ ᠬᠥᠮᠦᠵᠢᠯ ᠵᠡᠷᠭᠡ ᠶᠢ ᠨᠠᠶᠢᠳᠠᠪᠦᠷᠢᠵᠢᠭᠤᠯᠤᠵᠤ᠂ ᠡᠭᠦᠷᠭᠡ ᠬᠠᠷᠢᠭᠤᠴᠠᠯᠭ᠎ᠠ ᠶᠢᠨ ᠨᠠᠷᠢᠨ | ᠲᠠᠶᠢᠰᠠ ᠶᠢ ᠪᠠᠶᠢᠭᠤᠯᠵᠤ᠂ ᠲᠤᠤᠷᠵᠢᠯ ᠤᠨ ᠠᠵᠢᠯᠲᠠᠨ ᠤ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠦᠨ | ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠦ᠂ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠬᠤ ᠪᠠ ᠡᠳ᠋ᠯᠡᠬᠦ ᠰᠠᠶᠢᠨ ᠰᠠᠶᠢᠬᠠᠨ ᠪᠠᠶᠢᠷᠢᠰᠢᠯ ᠢ ᠪᠣᠶ ᠪᠤᠯᠭᠠᠬᠤ | ᠬᠡᠷᠡᠭᠲᠡᠢ᠃ | ︵ᠳᠣᠯᠤᠭ᠎ᠠ︶ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠳᠥᠪᠰᠢᠨ ᠤ ᠭᠤᠤᠯᠳᠠᠯᠭ᠎ᠠ ᠲᠠᠢ ᠲᠦᠭᠰᠢᠭᠦᠷᠢ ᠶᠢᠨ ᠳᠠᠯᠳᠠ ᠭᠡᠮ ᠢ ᠵᠠᠰᠠᠬᠤ ᠠᠵᠢᠯ ᠢ | ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠬᠥᠳᠡᠭᠡ ᠲᠣᠰᠬᠤᠨ ᠤ ᠬᠡᠷ ᠪᠠᠶᠢᠰᠢᠩ ᠢ ᠴᠡᠭᠴᠡᠯᠡᠨ ᠵᠠᠰᠠᠬᠤ ᠵᠡᠷᠭᠡ ᠠᠵᠢᠯ ᠲᠠᠢ | ᠤᠶᠠᠯᠳᠤᠭᠤᠯᠤᠨ᠂ ᠰᠣᠮᠣ ᠰᠢᠶᠠᠩ ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ᠂ ᠤᠨᠴᠠᠯᠢᠬᠳᠤ ᠪᠠᠯᠭᠠᠰᠤ᠂ ᠬᠥᠳᠡᠭᠡ ᠠᠶᠢᠯ ᠤᠨ ᠵᠢᠭᠤᠯᠴᠢᠯᠠᠯ ︵ | ᠠᠶᠢᠯ ᠪᠠᠭᠤᠳᠠᠯ︶᠂ ᠵᠢᠵᠢᠭ ᠠᠵᠤ ᠠᠬᠤᠶᠢᠯᠠᠯ᠂ ᠡᠯᠧᠺᠲᠷᠤᠨ ᠬᠤᠳᠠᠯᠳᠤᠭᠠᠨ ᠤ ᠪᠠᠷᠠᠭᠠᠨ ᠤ ᠭᠦᠢᠯᠭᠡᠭᠡ ᠵᠡᠷᠭᠡ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠪᠠᠷ | ᠬᠥᠭᠵᠢᠭᠰᠡᠨ ᠠᠵᠤ ᠦᠢᠯᠡᠰ ᠤᠨ ᠭᠠᠯ ᠰᠡᠷᠭᠡᠶᠢᠯᠡᠵᠤ ᠤᠨᠲᠠᠷᠠᠭᠠᠬᠤ ᠬᠠᠮᠢᠶᠠᠷᠤᠯᠲᠠ ᠶᠢ ᠴᠢᠩᠭᠠᠳᠬᠠᠵᠤ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ | ᠲᠡᠳᠬᠦᠵᠦ ᠲᠥᠪᠬᠢᠨᠡᠭᠦᠯᠬᠦ ᠲᠣᠭᠤᠷᠢᠭ᠂ᠬᠠᠭᠤᠴᠢᠨ ᠰᠠᠭᠤᠭᠠᠯᠢ ᠲᠣᠭᠤᠷᠢᠭ᠂ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠭᠡᠷ ᠪᠦᠯᠢ ᠶᠢᠨ ᠦᠢᠯᠡᠳᠬᠡᠯ | ᠪᠠ ᠦᠢᠯᠡᠳᠪᠦᠷᠢᠯᠡᠯ᠂ ᠡᠵᠡᠩᠨᠡᠯᠲᠡ᠂ ᠲᠦᠷᠢᠶᠡᠰᠦᠯᠡᠨ ᠰᠠᠭᠤᠬᠤ ᠳᠤ ᠬᠡᠷᠡᠭᠯᠡᠬᠦ ᠥᠪᠡᠰᠦᠪᠡᠨ ᠪᠠᠷᠢᠭᠰᠠᠨ ᠭᠡᠷ ᠪᠠᠶᠢᠰᠢᠩ ᠵᠡᠷᠭᠡ ᠲᠠᠯᠠᠪᠤᠷ ᠭᠠᠵᠠᠷ ᠲᠤ | ᠶᠡᠷᠦᠩᠬᠡᠶᠢᠯᠡᠭᠰᠡᠨ ᠵᠠᠰᠠᠯᠲᠠ ᠬᠢᠬᠦ ᠶᠢ ᠴᠢᠩᠭᠠᠳᠬᠠᠨ᠎ᠠ᠃ ᠲᠣᠭᠲᠠᠭᠠᠯ ᠠᠴᠠ ᠵᠥᠷᠢᠴᠡᠨ ᠭᠠᠯ ᠴᠠᠬᠢᠯᠭᠠᠨ ᠬᠡᠷᠡᠭᠯᠡᠬᠦ᠂ ᠬᠥᠮᠦᠨ ᠰᠠᠭᠤᠬᠤ᠂ ᠨᠣᠴᠣᠮᠠᠲᠠᠭᠠᠶ | ᠥᠩᠭᠡᠲᠦ ᠪᠣᠯᠣᠳ ᠬᠠᠪᠲᠠᠰᠤᠨ ᠪᠠᠷᠢᠯᠭ᠎ᠠ ᠪᠠᠶᠢᠭᠤᠯᠬᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠵᠤᠭᠰᠤᠭᠠᠵᠤ ᠴᠠᠬᠢᠯᠭᠠᠨ ᠴᠡᠨᠡᠭᠯᠡᠬᠦ ᠪᠠ | ᠨᠣᠴᠣᠮᠠᠲᠠᠭᠠᠶ ᠰᠢᠲᠠᠮᠠᠬᠠᠶ ᠪᠣᠳᠠᠰ ᠤᠨ ᠬᠠᠮᠢᠶᠠᠷᠤᠯᠲᠠ ᠡᠮᠬᠢ ᠵᠠᠮᠪᠠᠷᠠᠭ᠎ᠠ ᠥᠬᠡᠶ ᠪᠠᠶᠢᠬᠤ ᠵᠢᠴᠢ ︽ᠭᠤᠷᠪᠠ ᠶᠢ ᠨᠢᠭᠡᠳᠬᠡᠭᠰᠡᠨ︾᠂ ︽ᠤᠯᠠᠨ ᠢ ᠨᠢᠭᠡᠳᠬᠡᠭᠰᠡᠨ | ︾ ᠵᠡᠷᠭᠡ ᠲᠣᠪᠤᠶᠢᠮ᠎ᠠ ᠳᠠᠯᠳᠠ ᠭᠡᠮ ᠤᠨ ᠠᠰᠠᠭᠤᠳᠠᠯ ᠢ ᠴᠢᠩᠭ᠎ᠠ ᠪᠠᠶᠢᠴᠠᠭᠠᠨ ᠵᠠᠰᠠᠵᠤ᠂ ᠬᠥᠮᠦᠨ ᠪᠣᠳᠠᠰ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠵᠡᠷᠭᠡ ᠳᠡᠰ ᠢ ᠳᠡᠭᠡᠭᠰᠢᠯᠡᠬᠦᠯᠬᠦ ᠬᠡᠷᠡᠭᠲᠡᠢ᠃ | ︵ᠨᠠᠢᠮᠠ︶ ᠲᠦᠭᠰᠢᠭᠦᠷᠢ ᠶᠢ ᠤᠷᠢᠳᠴᠢᠯᠠᠨ ᠬᠢᠨᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠬᠤᠰᠢᠭᠤ ᠲᠣᠭᠤᠷᠢᠭ ᠨᠢ ᠭᠠᠯ | ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠢ ᠲᠤᠰ ᠭᠠᠵᠠᠷ ᠣᠷᠣᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ | ᠣᠷᠣᠭᠤᠯᠵᠤ᠂ ᠤᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠠᠪᠤᠴᠠ ᠳᠤ᠂ ᠭᠠᠯ ᠰᠡᠷᠭᠡᠶᠢᠯᠡᠵᠤ | ᠤᠨᠲᠠᠷᠠᠭᠠᠬᠤ ᠪᠣᠳᠠᠰ ᠢ ᠬᠤᠯᠪᠣᠭᠠᠯᠠᠨ ᠮᠡᠳᠡᠬᠦ᠂ ᠬᠢᠨᠠᠨ ᠬᠡᠮᠵᠢᠬᠦ᠂ ᠵᠠᠳᠠᠯᠬᠤ ᠵᠡᠷᠭᠡ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠡᠷᠭᠡ ᠳᠤᠨᠢ | ᠲᠥᠯᠥᠪᠵᠢᠭᠦᠯᠦᠨ ᠬᠡᠷᠡᠭᠵᠢᠭᠦᠯᠦᠨ᠎ᠡ᠃ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠮᠡᠷᠭᠡᠵᠢᠯ ᠤᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ | ᠬᠦᠷᠢᠶᠡᠨ ᠳᠠᠬᠢ ᠬᠡᠷᠡᠭᠯᠡᠯᠲᠡ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠪᠡᠯᠡ ᠮᠥᠩᠭᠦ ᠢᠵᠢ ᠪᠦᠷᠢᠳᠦᠭᠦᠯᠬᠦ ᠵᠡᠷᠭᠡ ᠠᠷᠭ᠎ᠠ ᠮᠠᠶ᠋ᠢᠭ ᠢ ᠠᠪᠴᠤ᠂ | ᠮᠠᠯᠵᠢᠬᠤ ᠲᠠᠷᠢᠶᠠᠯᠠᠬᠤ ᠣᠷᠣᠨ ᠤ ᠥᠪᠡᠰᠦᠪᠡᠨ ᠪᠠᠷᠢᠭᠰᠠᠨ ᠭᠡᠷ ᠪᠠᠶᠢᠰᠢᠩ᠂ ᠣᠯᠠᠨ ᠢᠶᠠᠷ ᠢᠶᠠᠨ ᠲᠦᠷᠢᠶᠡᠰᠦᠯᠡᠭᠰᠡᠨ ᠪᠠᠶᠢᠰᠢᠩ᠂ ᠪᠠᠭᠤᠷᠠᠶᠢᠴᠤᠤᠯ ᠤᠨ ᠣᠷᠣᠨ | ᠰᠠᠭᠤᠴᠠ ᠶᠢᠨ ᠲᠠᠯᠠᠪᠤᠷ ᠭᠠᠵᠠᠷ᠂ ︽ᠶᠢᠰᠦᠨ ᠪᠠᠭ᠎ᠠ ᠲᠠᠯᠠᠪᠤᠷ ᠭᠠᠵᠠᠷ︾᠂ ︽ᠭᠤᠷᠪᠠ ᠶᠢ ᠨᠢᠭᠡᠳᠬᠡᠭᠰᠡᠨ︾ ᠲᠠᠯᠠᠪᠤᠷ ᠭᠠᠵᠠᠷ ᠲᠤ ᠲᠤᠰᠭᠠᠷ ᠮᠠᠶ᠋ᠢᠭ ᠤᠨ | ᠤᠲᠤᠭ᠎ᠠ ᠰᠡᠷᠡᠬᠦ ᠬᠠᠶᠢᠭᠤᠷ ᠢ ᠢᠵᠢ ᠪᠦᠷᠢᠳᠦᠭᠦᠯᠦᠨ ᠤᠭᠰᠠᠷᠠᠭᠤᠯᠵᠤ᠂ ᠳᠥᠭᠦᠮ ᠰᠦᠷᠴᠢᠬᠦ ᠲᠥᠬᠦᠭᠡᠷᠦᠮᠵᠢ ᠶᠢ ᠳᠡᠯᠭᠡᠷᠡᠭᠦᠯᠦᠨ ᠤᠭᠰᠠᠷᠠᠭᠤᠯᠵᠤ᠂ ᠲᠠᠯᠠᠪᠤᠷ | ᠭᠠᠵᠠᠷ ᠤᠨ ᠭᠠᠯ ᠤᠨ ᠠᠶᠤᠯ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠥᠬᠦᠴᠡᠯ ᠲᠠᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠠᠯ | ᠰᠡᠷᠭᠡᠶᠢᠯᠡᠵᠤ ᠤᠨᠲᠠᠷᠠᠭᠠᠬᠤ ᠪᠤᠳᠠᠰ ᠤᠨ ᠢᠨᠲ᠋ᠧᠷ ᠰᠦᠯᠵᠢᠶᠠᠨ ᠤ ᠭᠠᠯ ᠤᠨ ᠠᠶᠤᠯ ᠢ ᠬᠢᠨᠠᠨ ᠡᠵᠡᠮᠳᠡᠬᠦ ᠤᠶᠤᠨᠴᠢ ᠲᠠᠪᠴᠠᠩ ᠢ ᠲᠥᠪᠯᠡᠷᠡᠭᠦᠯᠦᠨ ᠪᠠᠶᠢᠭᠤᠯᠵᠤ᠂ | ᠲᠤᠰ ᠭᠠᠵᠠᠷ ᠣᠷᠣᠨ ᠤ ᠪᠦᠬᠦ ᠣᠷᠣᠨ ᠪᠦᠰᠡ ᠶᠢᠨ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠳᠥᠪᠰᠢᠨ ᠤ ᠪᠠᠶᠢᠳᠠᠯ ᠢ ᠴᠠᠭ ᠲᠤᠬᠠᠶ ᠳᠤᠨᠢ ᠬᠢᠨᠠᠬᠤ ᠶᠢ | ᠪᠡᠶᠡᠯᠡᠭᠦᠯᠬᠦ ᠬᠡᠷᠡᠭᠲᠡᠶ᠃ | ︵ᠶᠢᠰᠦ︶ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ | ᠬᠤᠰᠢᠭᠤ ᠲᠣᠭᠤᠷᠢᠭ ᠨᠢ ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠪᠠᠶᠢᠷᠢᠯᠠᠭᠤᠯᠤᠯᠲᠠ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠂ ᠭᠠᠯ | ᠤᠨᠲᠠᠷᠠᠭᠠᠬᠤ ᠤᠰᠤᠨ ᠤ ᠡᠬᠢ ᠰᠤᠷᠪᠤᠯᠵᠢ ᠶᠢᠨ ᠪᠥᠲᠥᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ | ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠥᠳᠡᠭᠡ ᠲᠣᠰᠬᠤᠨ ᠤ ᠵᠠᠮ ᠤᠨ ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ᠂ ᠬᠥᠳᠡᠭᠡ ᠲᠣᠰᠬᠤᠨ ᠤ ᠤᠰᠤ ᠴᠠᠬᠢᠯᠭᠠᠨ ᠢ ᠥᠭᠡᠷᠡᠴᠢᠯᠡᠬᠦ ᠪᠠᠷᠢᠯᠭ᠎ᠠ ᠲᠠᠢ ᠤᠶᠠᠯᠳᠤᠭᠤᠯᠵᠤ᠂ ᠰᠤᠮᠤ ᠰᠢᠶᠠᠩ ᠪᠠᠯᠭᠠᠰᠤ ᠶᠢᠨ ᠶᠡᠷᠦᠩᠬᠡᠶ | ᠲᠥᠯᠥᠪᠵᠢᠭᠦᠯᠭᠡ ᠪᠠ ᠬᠦᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠶ᠃ ᠡᠯ᠎ᠡ ᠰᠤᠮᠤ ᠰᠢᠶᠠᠩ | ᠪᠠᠯᠭᠠᠰᠤ ᠶᠢᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠭᠠᠯ ᠤᠨᠲᠠᠷᠠᠭᠠᠬᠤ ︽ᠤᠰᠤᠨ ᠲᠣᠭᠤᠷᠤᠤ︾ ᠪᠤᠶᠤ ᠭᠠᠵᠠᠷ | ᠳᠣᠤᠷᠠᠬᠢ ᠭᠠᠯ ᠤᠨᠲᠠᠷᠠᠭᠠᠭᠤᠯ ᠢ 2 ᠠᠴᠠ ᠳᠡᠭᠡᠭᠰᠢ ᠪᠠᠶᠢᠭᠤᠯᠬᠤ ᠪᠤᠶᠤ ᠡᠰᠡᠬᠦᠯ᠎ᠡ ᠤᠤᠯ ᠤᠨ ᠪᠠᠶᠢᠭ᠎ᠠ ᠮᠠᠰᠢᠨ ᠬᠤᠳᠳᠤᠭ ᠪᠤᠶᠤ ᠪᠠᠶᠢᠭᠠᠯᠢ ᠶᠢᠨ ᠤᠰᠤᠨ | ᠰᠤᠷᠪᠤᠯᠵᠢ ᠶᠢ ᠠᠰᠢᠭᠯᠠᠨ ᠭᠠᠯ ᠤᠨᠲᠠᠷᠠᠭᠠᠬᠤ ᠤᠰᠤ ᠲᠠᠲᠠᠬᠤ ᠠᠮᠠᠰᠠᠷ ᠢ 2 ᠠᠴᠠ ᠳᠡᠭᠡᠭᠰᠢ ᠪᠠᠶᠢᠭᠤᠯᠬᠤ ᠬᠡᠷᠡᠭᠲᠡᠶ᠃ ᠭᠠᠴᠠᠭ᠎ᠠ ᠲᠣᠰᠬᠤᠨ ᠨᠢᠭᠡᠪᠦᠷᠢ ᠨᠢ | ᠭᠠᠯ ᠤᠨᠲᠠᠷᠠᠭᠠᠵᠤ ᠤᠰᠤ ᠠᠪᠬᠤ ᠭᠠᠵᠠᠷ ᠢ ᠠᠳᠠᠭ ᠲᠠᠭᠠᠨ 2 ᠶᠢ ᠥᠭᠡᠷᠡᠴᠢᠯᠡᠨ ᠰᠢᠨᠡᠳᠬᠡᠵᠦ᠂ ᠭᠦᠨ ᠬᠤᠳᠳᠤᠭ ᠲᠠᠢ ᠭᠠᠴᠠᠭ᠎ᠠ ᠲᠣᠰᠬᠤᠨ ᠨᠢ ᠳᠥᠭᠦᠮ | ᠪᠥᠭᠡᠳ ᠪᠣᠳᠠᠲᠤ ᠬᠡᠷᠡᠭᠴᠡᠭᠡ ᠲᠠᠢ ᠭᠠᠯ ᠤᠨᠲᠠᠷᠠᠭᠠᠵᠤ ᠤᠰᠤ ᠠᠪᠬᠤ ᠳᠦᠬᠦᠭᠡᠷᠦᠮᠵᠢ ᠶᠢ ᠪᠦᠲᠦᠭᠡᠨ ᠪᠠᠶᠢᠭᠤᠯᠬᠤ ᠬᠡᠷᠡᠭᠲᠡᠶ᠃ ᠲᠤᠰ ᠭᠠᠵᠠᠷ ᠤᠨ ᠪᠣᠳᠠᠲᠤ | ᠪᠠᠶᠢᠳᠠᠯ ᠢᠶᠠᠨ ᠦᠨᠳᠦᠰᠦᠯᠡᠨ᠂ ᠲᠠᠷᠢᠶᠠᠯᠠᠬᠤ ᠮᠠᠯᠵᠢᠬᠤ ᠣᠷᠣᠨ ᠳᠤ ᠬᠡᠷᠡᠭᠯᠡᠬᠦ ᠳᠤ ᠲᠣᠬᠢᠷᠠᠬᠤ ᠭᠠᠯ ᠤᠨᠲᠠᠷᠠᠭᠠᠬᠤ ᠲᠡᠷᠭᠡ᠂ ᠭᠠᠯ ᠤᠨᠲᠠᠷᠠᠭᠠᠬᠤ ᠤᠰᠤᠨ | ᠬᠥᠭᠡᠷᠭᠡ᠂ ᠤᠬᠤᠭᠤᠷ ᠮᠠᠰᠢᠨ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠲᠣᠨᠤᠭ ᠲᠥᠬᠦᠭᠡᠷᠦᠮᠵᠢ ᠪᠣᠯᠤᠨ ᠪᠠᠷᠢᠯᠭ᠎ᠠ ᠶᠢᠨ ᠮᠠᠰᠢᠨ ᠢ ᠲᠣᠬᠢᠷᠠᠭᠤᠯᠬᠤ | ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠲᠣᠰ ᠭᠠᠵᠠᠷ ᠤᠨ ᠤᠰᠤᠨ ᠰᠤᠷᠪᠤᠯᠵᠢ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠡᠬᠡ | ᠲᠠᠩᠰᠠ ᠪᠠᠶᠢᠭᠤᠯᠤᠨ᠂ ᠭᠠᠯ ᠤᠨ ᠠᠶᠤᠯ ᠡᠭᠦᠰᠪᠡᠯ ᠬᠠᠮᠤᠭ ᠤᠨ ᠲᠡᠷᠢᠭᠦᠨ ᠳᠤ ᠣᠶᠢᠷ᠎ᠠ ᠬᠠᠪᠢ ᠶᠢᠨ ᠤᠰᠤᠨ ᠰᠤᠷᠪᠤᠯᠵᠢ ᠶᠢ ᠬᠠᠩᠭᠠᠬᠤ ᠶᠢ ᠦᠨᠡᠨᠬᠦ | ᠪᠠᠲᠤᠯᠠᠵᠤ᠂ ᠤᠰᠤᠨ ᠤ ᠬᠠᠩᠭᠠᠯᠭ᠎ᠠ ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠠᠷᠪᠠ︶ ᠭᠠᠯ ᠰᠡᠷᠭᠡᠶᠢᠯᠡᠵᠤ ᠤᠨᠲᠠᠷᠠᠭᠠᠬᠤ ᠤᠬᠠᠭᠤᠯᠭ᠎ᠠ ᠬᠥᠮᠦᠵᠢᠯ ᠪᠣᠯᠪᠠᠰᠤᠷᠠᠭᠤᠯᠤᠯ ᠢ ᠴᠢᠩᠭᠠᠳᠬᠠᠨ᠎ᠠ᠃ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠭᠠᠯ ᠰᠡᠷᠭᠡᠶᠢᠯᠡᠵᠤ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠭᠠᠯ ᠰᠡᠷᠭᠡᠶᠢᠯᠡᠵᠤ ᠤᠨᠲᠠᠷᠠᠭᠠᠬᠤ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠳᠠᠬᠢ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠬᠢᠷᠢ ᠲᠡᠩᠴᠡᠭᠰᠡᠨ ᠭᠠᠯ ᠰᠡᠷᠭᠡᠶᠢᠯᠡᠵᠤ | ᠤᠨᠲᠠᠷᠠᠭᠠᠬᠤ ᠲᠤᠰᠬᠠᠶ ᠮᠡᠷᠭᠡᠵᠢᠯ ᠤᠨ ᠬᠦᠴᠦᠨ ᠢ ᠬᠥᠮᠦᠵᠢᠭᠦᠯᠬᠦ ᠬᠡᠷᠡᠭᠲᠡᠶ᠃ ᠡᠯ᠎ᠡ ᠬᠤᠰᠢᠭᠤ ᠲᠣᠭᠤᠷᠢᠭ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ | ᠭᠠᠯ ᠰᠡᠷᠭᠡᠶᠢᠯᠡᠵᠤ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠭᠴᠢ᠂ ᠲᠤᠤᠷᠵᠢᠯ ᠤᠨ ᠠᠵᠢᠯᠲᠠᠨ᠂ ᠠᠳᠠᠯ ᠠᠬᠤᠢ ᠶᠢᠨ ᠬᠠᠮᠢᠶᠠᠷᠤᠭᠴᠢ ᠵᠢᠴᠢ ᠵᠢᠵᠢᠭ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠭᠠᠯ ᠰᠡᠷᠭᠡᠶᠢᠯᠡᠵᠤ ᠤᠨᠲᠠᠷᠠᠭᠠᠬᠤ ᠪᠣᠯᠪᠠᠰᠤᠷᠠᠭᠤᠯᠤᠯ ᠢ ᠴᠢᠩᠭᠠᠳᠬᠠᠵᠤ᠂ ᠭᠠᠯ ᠰᠡᠷᠭᠡᠶᠢᠯᠡᠵᠤ ᠤᠨᠲᠠᠷᠠᠭᠠᠬᠤ ᠠᠮᠤᠷ | ᠲᠦᠪᠰᠢᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠭᠠᠯ ᠰᠡᠷᠭᠡᠶᠢᠯᠡᠵᠤ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠭᠠᠯ ᠰᠡᠷᠭᠡᠶᠢᠯᠡᠵᠤ | ᠤᠨᠲᠠᠷᠠᠭᠠᠬᠤ ᠮᠡᠳᠡᠯᠭᠡ ᠶᠢ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ᠂ ᠶᠡᠷᠦᠩᠬᠡᠶᠢᠯᠡᠭᠰᠡᠨ ᠵᠠᠰᠠᠯᠲᠠ ᠶᠢᠨ ᠤᠬᠠᠭᠤᠯᠭ᠎ᠠ᠂ ᠬᠠᠤᠯᠢ | ᠲᠦᠭᠡᠮᠡᠯᠵᠢᠭᠦᠯᠬᠦ ᠬᠥᠮᠦᠵᠢᠯ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠳᠡᠯᠭᠡᠷᠡᠭᠦᠯᠬᠦ ᠠᠭᠤᠯᠭ᠎ᠠ ᠳᠤ ᠣᠷᠣᠭᠤᠯᠵᠤ᠂ ᠭᠠᠯ ᠰᠡᠷᠭᠡᠶᠢᠯᠡᠵᠤ ᠤᠨᠲᠠᠷᠠᠭᠠᠬᠤ | ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠬᠦ ᠬᠡᠷᠡᠭᠲᠡᠶ᠃ ᠡᠯ᠎ᠡ ᠬᠤᠰᠢᠭᠤ ᠲᠣᠭᠤᠷᠢᠭ ᠦᠨᠳᠦᠰᠦᠨ ᠱᠠᠲᠤᠨ ᠤ ᠲᠣᠣᠷᠵᠢᠯ ᠤᠨ ᠬᠦᠴᠦᠨ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠶᠢᠯᠠᠯ ᠢ ᠭᠦᠢᠴᠡᠳ ᠵᠣᠬᠢᠶᠠᠨ ᠪᠠᠶᠢᠭᠤᠯᠤᠨ ︽ᠡᠭᠦᠳᠡ ᠲᠣᠭᠰᠢᠬᠤ ᠠᠵᠢᠯᠯᠠᠭ᠎ᠠ︾ ᠶᠢ ᠥᠷᠨᠢᠭᠦᠯᠵᠦ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ︽ᠭᠤᠷᠪᠠ ᠶᠢ ᠴᠡᠪᠡᠷᠯᠡᠬᠦ ᠭᠤᠷᠪᠠ ᠶᠢ ᠬᠠᠭᠠᠬᠤ︾ ︵ᠠᠰᠠᠷ ᠤᠨ ᠭᠤᠳᠤᠮᠵᠢ᠂ ᠨᠠᠷᠠᠪᠴᠢ᠂ ᠲᠣᠭᠤᠭᠠᠨ ᠭᠡᠷ ᠤᠨ | ᠰᠢᠲᠠᠮᠠᠬᠠᠶ ᠪᠣᠳᠠᠰ ᠢ ᠴᠡᠪᠡᠷᠯᠡᠨ ᠠᠷᠢᠯᠭᠠᠵᠤ᠂ ᠭᠡᠷ ᠠᠴᠠ ᠪᠠᠨ ᠭᠠᠷᠬᠤ ᠳᠤ ᠴᠠᠬᠢᠯᠭᠠᠨ ᠡᠭᠦᠰᠭᠡᠭᠴᠢ᠂ ᠭᠠᠯ ᠤᠨ ᠡᠬᠢ᠂ ᠬᠡᠢ ᠶᠢᠨ ᠢᠷᠡᠯᠲᠡ ᠶᠢ ᠬᠠᠭᠠᠬᠤ︶ ᠶᠢ | ᠤᠬᠠᠮᠰᠠᠷ ᠠᠴᠠ ᠪᠠᠨ ᠥᠷᠨᠢᠭᠦᠯᠬᠦ ᠬᠡᠷᠡᠭᠲᠡᠢ᠃ ᠥᠪᠥᠷ ᠮᠣᠩᠭᠤᠯ ᠤᠨ ᠤᠶᠤᠲᠠᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠶᠢᠨ | ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠳᠤ ᠲᠦᠰᠢᠭᠯᠡᠨ ᠭᠠᠯ ᠰᠡᠷᠭᠡᠶᠢᠯᠡᠵᠤ ᠤᠨᠲᠠᠷᠠᠭᠠᠬᠤ ᠲᠤᠰᠬᠠᠶ ᠠᠵᠢᠯ ᠢ ᠰᠠᠶᠢᠲᠤᠷ ᠥᠷᠨᠢᠭᠦᠯᠵᠦ᠂ ᠦᠨᠳᠦᠰᠦᠨ | ᠱᠠᠲᠤᠨ ᠤ ᠪᠣᠳᠠᠲᠤ ᠪᠠᠶᠢᠳᠠᠯ ᠳᠤ ᠤᠶᠢᠷᠠᠳᠤᠭᠰᠠᠨ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠭᠠᠯ ᠰᠡᠷᠭᠡᠶᠢᠯᠡᠵᠤ ᠤᠨᠲᠠᠷᠠᠭᠠᠬᠤ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠨᠢ ᠣᠳᠣᠬᠠᠨ ᠤ ᠦᠨᠳᠦᠰᠦᠨ | ᠱᠠᠲᠤᠨ ᠤ ᠵᠠᠰᠠᠯᠲᠠ ᠶᠢᠨ ᠲᠤᠭᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠠᠰᠢᠭᠲᠠᠢ ᠠᠵᠠ ᠲᠣᠬᠢᠶᠠᠯ ᠢ ᠠᠳᠬᠤᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ ᠭᠠᠯ ᠰᠡᠷᠭᠡᠶᠢᠯᠡᠵᠤ | ᠤᠨᠲᠠᠷᠠᠭᠠᠬᠤ ᠠᠵᠢᠯ ᠢ ᠨᠢᠭᠡᠳᠦᠯᠲᠡᠶ ᠲᠥᠯᠥᠪᠯᠡᠨ ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠬᠦᠴᠦᠨ ᠤ | ᠪᠠᠶᠢᠭᠤᠯᠤᠯᠲᠠ ᠪᠣᠯᠤᠨ ᠭᠠᠯ ᠤᠨ ᠠᠶᠤᠯ ᠢ ᠰᠡᠷᠭᠡᠶᠢᠯᠡᠨ ᠬᠤᠷᠢᠭᠯᠠᠬᠤ ᠠᠵᠢᠯ ᠢ ᠭᠤᠤᠯᠳᠠᠯᠭ᠎ᠠ ᠲᠠᠢ ᠢᠨᠵᠧᠨᠧᠷᠢᠩ ᠪᠣᠯᠭᠠᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠡᠭᠦᠷᠭᠡ ᠶᠢ ᠵᠦᠢᠯ ᠳᠠᠷᠠᠭᠠᠯᠠᠨ ᠵᠠᠳᠠᠯᠤᠨ ᠨᠠᠷᠢᠯᠢᠭᠵᠢᠭᠤᠯᠵᠤ᠂ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠠᠬᠢᠭᠤᠯᠵᠤ᠂ ᠱᠠᠭᠠᠷᠳᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠪᠠᠲᠤᠯᠠᠭ᠎ᠠ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ ᠨᠢ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠢ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯᠲᠠᠨ ᠤ ᠣᠷᠣᠨ ᠲᠤᠭ᠎ᠠ ᠶᠢ ᠲᠣᠬᠢᠷᠠᠭᠤᠯᠬᠤ᠂ ᠲᠣᠨᠤᠭ | ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠵᠣᠬᠢᠶᠠᠨ | ᠪᠠᠶᠢᠭᠤᠯᠤᠯᠲᠠ ᠶᠢᠨ ᠪᠦᠲᠦᠴᠡ᠂ ᠳᠦᠷᠢᠮ ᠤᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠠᠵᠢᠯ ᠤᠨ ᠬᠤᠯᠪᠤᠭᠠᠯᠠᠯ ᠳᠠᠶᠢᠴᠢᠯᠠᠯᠲᠠ ᠵᠡᠷᠭᠡ | ᠲᠠᠯ᠎ᠠ ᠶᠢᠨ ᠪᠠᠶᠢᠭᠤᠯᠤᠯᠲᠠ ᠶᠢ ᠲᠦᠷᠭᠡᠳᠬᠡᠨ ᠲᠡᠭᠦᠯᠳᠡᠷᠵᠢᠭᠦᠯᠵᠦ᠂ ︽ᠳᠡᠭᠡᠷ᠎ᠡ ᠳᠤᠤᠷᠠᠬᠢ ᠶᠢ ᠵᠤᠯᠭᠠᠴᠠᠭᠤᠯᠤᠭᠰᠠᠨ᠂ ᠬᠦᠨᠳᠡᠯᠡᠨ ᠭᠤᠤᠯᠳᠤ ᠶᠢ | ᠬᠤᠯᠪᠤᠭᠠᠯᠠᠭᠤᠯᠤᠭᠰᠠᠨ︾ ᠠᠵᠢᠯ ᠤᠨ ᠪᠠᠶᠢᠷᠢᠰᠢᠯ ᠢ ᠪᠤᠢ ᠪᠤᠯᠭᠠᠵᠤ᠂ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠢ ᠬᠢᠵᠠᠭᠠᠷᠯᠠᠵᠤ | ᠪᠠᠶᠢᠭ᠎ᠠ ᠬᠡᠮ ᠰᠣᠭᠤᠭ ᠤᠨ ᠠᠰᠠᠭᠤᠳᠠᠯ ᠢ ᠦᠨᠳᠦᠰᠦᠨ ᠠᠴᠠ ᠨᠢ ᠠᠷᠢᠯᠭᠠᠵᠤ᠂ ᠦᠨᠳᠦᠰᠦᠨ ᠱᠠᠲᠤᠨ ᠤ ᠭᠠᠯ ᠰᠡᠷᠭᠡᠶᠢᠯᠡᠵᠤ ᠤᠨᠲᠠᠷᠠᠭᠠᠬᠤ ᠬᠦᠴᠦᠨ ᠤ | ᠪᠠᠶᠢᠭᠤᠯᠤᠯᠲᠠ ᠪᠣᠯᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠦᠳᠲᠡᠷ ᠲᠦᠷᠭᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠤᠷᠲᠤ | ᠬᠤᠭᠤᠴᠠᠭ᠎ᠠ ᠪᠠᠷ ᠪᠦᠲᠦᠮᠵᠢᠲᠡᠶ ᠬᠥᠭᠵᠢᠭᠦᠯᠬᠦ ᠶᠢ ᠪᠠᠲᠤᠯᠠᠬᠤ ᠬᠡᠷᠡᠭᠲᠡᠶ᠃ | ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ | ᠠᠵᠢᠯ ᠤᠨ ᠱᠠᠭᠠᠷᠳᠠᠯᠭ᠎ᠠ ᠪᠠᠨ ᠲᠣᠳᠣᠷᠬᠠᠶᠢᠯᠠᠵᠤ᠂ ᠱᠠᠭᠠᠷᠳᠠᠨ ᠵᠢᠯᠣᠭᠤᠳᠬᠤ ᠪᠠᠨ ᠴᠢᠩᠭᠠᠳᠬᠠᠨ᠂ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ | ᠡᠯ᠎ᠡ ᠵᠦᠢᠯ ᠤᠨ ᠠᠵᠢᠯ ᠢᠶᠠᠨ ᠨᠠᠷᠢᠯᠢᠭ ᠪᠣᠳᠠᠲᠠᠶ ᠬᠢᠬᠦ ᠬᠡᠷᠡᠭᠲᠡᠶ᠃ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ | ︶ ᠶᠢᠨ ᠴᠢᠨᠠᠷ ᠰᠠᠶᠢᠲᠠᠢ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠶᠢᠨ ᠬᠠᠮᠲᠤ ᠲᠤᠰᠢᠶᠠᠯ ᠬᠠᠷᠢᠭᠤᠴᠠᠯᠭ᠎ᠠ ᠭᠦᠢᠴᠡᠳᠬᠡᠬᠦ ᠶᠢ ᠦᠨᠡᠯᠡᠨ ᠲᠣᠭᠲᠠᠭᠠᠬᠤ᠂ | ᠱᠠᠩᠨᠠᠨ ᠬᠥᠬᠢᠭᠦᠯᠵᠦ ᠵᠠᠯᠬᠠᠭᠠᠨ ᠰᠢᠢᠳᠬᠡᠬᠦ ᠯᠦᠭᠡ ᠬᠤᠯᠪᠣᠭᠳᠠᠭᠤᠯᠤᠨ᠎ᠠ᠃ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠠᠴᠠ ᠪᠣᠯᠵᠤ ᠭᠠᠯ ᠲᠦᠢᠮᠡᠷ ᠤᠨ ᠡ᠊ᠨᠳᠡᠯ ᠭᠠᠷᠭᠠᠭᠰᠠᠨ ᠪᠠᠶᠢᠪᠠᠯ | ᠬᠤᠯᠪᠣᠭᠳᠠᠯ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | | | | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠰᠠᠷ᠎ᠠ ᠶᠢᠨ 16 ᠤ ᠡᠳᠦᠷ | | | |