ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠡᠶᠡᠯᠡᠭᠦᠯᠬᠦ ᠲᠠᠢ ᠨᠢᠭᠲᠠ | ᠤᠶᠠᠯᠳᠤᠭᠤᠯᠤᠨ᠂ ᠪᠦᠭᠦ ᠵᠢᠯ ᠤᠨ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠨ᠂ ᠪᠣᠳᠠᠲᠠᠢ ᠠᠵᠢᠯᠯᠠᠬᠤ ᠶᠢ ᠴᠢᠩᠭᠠᠳᠬᠠᠵᠤ᠂ ᠭᠤᠣᠯ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ ᠥᠨᠳᠥᠷ ᠪᠠᠶᠢᠵᠤ᠂ | ᠪᠦᠭᠦ ᠬᠤᠰᠢᠭᠤᠨ ᠤ ᠠᠵᠤ ᠠᠬᠤᠢ ᠶᠢᠨ ᠪᠠᠬᠢᠵᠢᠨ ᠳᠡᠭᠡᠭᠰᠢᠯᠡᠬᠦ ᠰᠠᠶᠢᠨ ᠪᠠᠶᠢᠳᠠᠯ ᠢ ᠴᠢᠷᠮᠠᠶᠢᠨ ᠪᠤᠢ ᠪᠣᠯᠭᠠᠵᠠᠢ᠃ | GDP ᠶᠢᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 207.5 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ | ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2. | 37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ | ᠥᠷᠲᠡᠭ 154.11 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1% ᠪᠠᠷ ᠨᠡᠮᠡᠭᠳᠡᠪᠡ︔ ᠭᠤᠷᠪᠠᠳᠤᠭᠠᠷ ᠠᠵᠤ | ᠦᠢᠯᠡᠰ ᠤᠨ ᠨᠡᠮᠡᠭᠳᠡᠯ ᠥᠷᠲᠡᠭ 51.02 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ᠃ | ᠭᠤᠷᠪᠠᠨ ᠠᠵᠤ ᠦᠢᠯᠡᠰ ᠤᠨ ᠬᠠᠷᠢᠴᠠᠯ ᠨᠢ 1.1᠄ 74.3᠄ 24.6 ᠪᠣᠯᠣᠨ᠎ᠠ᠃ | ᠨᠢᠭᠡ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠰᠠᠶᠢᠵᠢᠷᠠᠭᠤᠯᠪᠠ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ | ᠶᠡᠷᠦᠩᠬᠡᠢ ᠥᠷᠲᠡᠭ 4.68 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠶᠢᠨ 3 ᠳ᠋ᠤᠭᠠᠷ ᠲᠤ ᠵᠢᠭᠰᠠᠭᠠᠭᠳᠠᠵᠤ᠂ ᠠᠳᠠᠯᠢ | ᠬᠤᠭᠤᠴᠠᠭᠠᠨ ᠤ ᠬᠢ ᠠᠴᠠ 9.26% ᠪᠠᠷ ᠨᠡᠮᠡᠭᠳᠡᠪᠡ᠃ ᠡᠭᠦᠨ ᠤ ᠳᠣᠲᠣᠷ᠎ᠠ᠄ ᠲᠠᠷᠢᠶᠠᠯᠠᠩ ᠤᠨ ᠦᠢᠯᠡᠳᠬᠦᠨ ᠤ ᠶᠡᠷᠦᠩᠬᠡᠢ ᠦᠷᠳᠡᠭ 1.05 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.71% ᠪᠠᠷ ᠨᠡᠮᠡᠭᠳᠡᠪᠡ︔ ᠮᠠᠯ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠦᠷᠳᠡᠭ | 2.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.08% ᠢᠶᠠᠷ ᠨᠡᠮᠡᠭᠳᠡᠪᠡ︔ ᠤᠢ ᠰᠢᠭᠤᠢ ᠶᠢᠨ ᠦᠢᠯᠡᠰ ᠤᠨ | ᠶᠡᠷᠦᠩᠬᠡᠢ ᠦᠷᠳᠡᠭ 0.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.2% ᠢᠶᠠᠷ ᠨᠡᠮᠡᠭᠳᠡᠪᠡ︔ ᠵᠢᠭᠠᠰᠤᠨ ᠠᠵᠤ | ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ 0.13 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ | ᠨᠡᠮᠡᠭᠳᠡᠵᠡᠢ᠃ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ ᠤᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ | ᠦᠢᠯᠡᠳᠬᠦᠨ ᠤ ᠥᠷᠲᠡᠭ ᠲᠤ ᠡᠵᠡᠯᠡᠬᠦ ᠬᠤᠪᠢ ᠶᠢᠨ ᠵᠢᠩ ᠨᠢ 59% ᠳᠤ ᠬᠦᠷᠪᠡ᠃ | ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠳᠡᠭᠡᠭᠰᠢᠯᠡᠪᠡ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 0.3% ᠪᠠᠷ ᠨᠡᠮᠡᠭᠳᠡᠪᠡ︔ 6 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 7.8% ᠢᠶᠠᠷ ᠨᠡᠮᠡᠭᠳᠡᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 11.98% ᠢᠶᠠᠷ ᠪᠠᠭᠤᠷᠠᠪᠠ᠂ ᠡᠭᠦᠨ ᠳᠤ᠄ ᠠᠭᠤᠷᠬᠠᠢ ᠮᠠᠯᠲᠠᠬᠤ ᠦᠢᠯᠡᠰ ᠤᠨ | ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 7.28% ᠢᠶᠠᠷ ᠪᠠᠭᠤᠷᠠᠪᠠ︔ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ | ᠬᠤᠭᠤᠴᠠᠭᠠᠨ ᠤ ᠬᠢ ᠠᠴᠠ 14.71% ᠪᠠᠷ ᠪᠠᠭᠤᠷᠠᠪᠠ︔ ᠴᠠᠬᠢᠯᠭᠠᠨ ᠬᠦᠴᠤ᠂ ᠢᠯᠴᠢ ᠶᠢᠨ ᠬᠦᠴᠤ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 27.48% ᠢᠶᠠᠷ ᠪᠠᠭᠤᠷᠠᠪᠠ᠃ ᠪᠥᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 99.7% ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 0.4% ᠪᠠᠷ ᠨᠡᠮᠡᠭᠳᠡᠪᠡ︔ 6 ᠳ᠋ᠤᠭᠠᠷ ᠰᠠᠷ᠎ᠠ ᠳᠤ ᠲᠣᠰ ᠰᠠᠷ᠎ᠠ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠡᠮᠵᠢᠶ᠎ᠡ 102% ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 4% ᠪᠠᠷ ᠨᠡᠮᠡᠭᠳᠡᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ | ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠤᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 43.2% ᠢᠶᠠᠷ | ᠪᠠᠭᠤᠷᠠᠪᠠ᠃ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ᠄ ᠪᠠᠶᠢᠭᠠᠯᠢ ᠶᠢᠨ ᠰᠢᠲᠠᠮᠠᠬᠠᠢ | ᠬᠡᠢ 81.97 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.69% ᠪᠠᠷ ᠨᠡᠮᠡᠭᠳᠡᠪᠡ︔ ᠨᠡᠭᠦᠷᠡᠰᠦ | 2023.46 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.17% ᠢᠶᠠᠷ ᠪᠠᠭᠤᠷᠠᠪᠠ︔ ᠨᠠᠷᠢᠯᠢᠭ ᠮᠧᠲ᠋ᠢᠯ ᠠᠯᠺᠤᠤᠯ 329.51 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.25% ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 45.74 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.58% ᠢᠶᠠᠷ ᠪᠠᠭᠤᠷᠠᠪᠠ︔ ᠪᠥᠭᠡᠭᠡᠨᠡᠷᠡᠯ ᠡᠲ᠋ᠧᠨ 52.95 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 0.26% ᠢᠶᠠᠷ ᠨᠡᠮᠡᠭᠳᠡᠪᠡ︔ ᠪᠥᠭᠡᠭᠡᠨᠡᠷᠡᠯ ᠫᠷᠦᠫᠧᠨ 54.73 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.24% ᠪᠠᠷ ᠪᠠᠭᠤᠷᠠᠪᠠ︔ ᠰᠢᠭᠡᠰᠦᠯᠢᠭ ᠡᠳ᠋ 153.1 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 2.17% ᠪᠠᠷ ᠪᠠᠭᠤᠷᠠᠪᠠ᠃ | ᠭᠤᠷᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠪᠡ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 130. | 4% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 460.6% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 192.6% ᠪᠠᠷ | ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 18.5% ᠪᠠᠷ ᠪᠠᠭᠤᠷᠠᠪᠠ᠃ ᠬᠦᠷᠢᠶ᠎ᠡ | ᠬᠡᠪᠴᠢᠶ᠎ᠡ ᠪᠠᠷ ᠨᠢ ᠬᠤᠪᠢᠶᠠᠵᠤ ᠦᠵᠡᠪᠡᠯ᠄ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.2% ᠢᠶᠠᠷ | ᠪᠠᠭᠤᠷᠠᠪᠠ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4720.4% ᠪᠠᠷ ᠨᠡᠮᠡᠭᠳᠡᠪᠡ︔ ᠭᠡᠷ ᠪᠠᠶᠢᠰᠢᠩ ᠭᠠᠵᠠᠷ | ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 29.8% ᠪᠠᠷ ᠪᠠᠭᠤᠷᠠᠪᠠ︔ ᠠᠷᠠᠳ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 513.1% ᠨᠡᠮᠡᠭᠳᠡᠪᠡ︔ ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠪᠡᠯᠡ | ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1541.3% ᠪᠠᠷ ᠨᠡᠮᠡᠭᠳᠡᠪᠡ᠃ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ | ᠪᠣᠷᠣᠯᠠᠭᠤᠯᠤᠯᠲᠠ ᠶᠢᠨ ᠲᠠᠯᠠᠪᠠᠶ 54928 ᠲᠡᠭᠰᠢ ᠳᠥᠷᠪᠡᠯᠵᠢᠨ ᠮᠧᠲᠷ ᠲᠤ ᠬᠦᠷᠴᠦ᠂ 1.1% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ | ᠪᠣᠷᠣᠯᠠᠭᠤᠯᠤᠯᠲᠠ 20644 ᠲᠦᠮᠡᠨ ᠲᠥᠭᠦᠷᠢᠭ ᠲᠤ ᠬᠦᠷᠴᠦ᠂ 6.8% ᠪᠠᠷ ᠨᠡᠮᠡᠭᠳᠡᠪᠡ᠃ | 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ | 106 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 39᠂ 500 ᠲᠦᠮᠡ ︱ 5000 | ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 35᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ 32 ᠪᠣᠶ᠃ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 26 ᠪᠠᠶᠢᠵᠤ᠂ ᠲᠤᠭ᠎ᠠ | ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ | 172.8% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 93.98% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠠᠷᠢᠯᠭ᠎ᠠ ᠶᠢᠨ ᠲᠥᠷᠥᠯ ᠵᠦᠢᠯ 7 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ | ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 293.2% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 86.76% ᠶᠢ ᠡᠵᠡᠯᠡᠪᠡ᠃ | ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 20 ᠲᠥᠷᠥᠯ ᠵᠦᠢᠯ ᠢ ᠨᠢᠭᠡᠨᠲᠡ | ᠬᠥᠮᠥᠷᠭᠡ ᠳᠤ ᠣᠷᠣᠭᠤᠯᠵᠤ᠂ 55.79 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ | ᠳᠥᠷᠪᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢ ᠰᠡᠷᠭᠦᠭᠡᠪᠡ | ᠳᠡᠭᠡᠷ᠎ᠡ ᠬᠠᠭᠠᠰ ᠵᠢᠯ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 16.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠪᠡ᠃ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ | ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 5.3% ᠪᠠᠷ ᠨᠡᠮᠡᠭᠳᠡᠪᠡ᠂ ᠬᠥᠳᠡᠭᠡ ᠲᠣᠰᠬᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ | ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 15.3% | ᠪᠠᠷ ᠨᠡᠮᠡᠭᠳᠡᠪᠡ᠃ | ᠳᠡᠭᠡᠷ᠎ᠡ ᠬᠠᠭᠠᠰ ᠵᠢᠯ ᠳᠤ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ ᠪᠤᠳᠠᠭ᠎ᠠ | ᠢᠳᠡᠰᠢᠨ ᠲᠣᠰᠣ ᠢᠳᠡᠭᠡᠨ ᠤ ᠲᠥᠷᠥᠯ 21.3% ᠪᠠᠷ ᠨᠡᠮᠡᠭᠳᠡᠵᠦ᠂ 36.7% ᠶᠢ ᠡᠵᠡᠯᠡᠪᠡ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡᠨ ᠤ | ᠬᠡᠷᠡᠭᠰᠡᠯ ᠤᠨ ᠲᠥᠷᠥᠯ 23.9% ᠪᠠᠷ ᠨᠡᠮᠡᠭᠳᠡᠵᠦ᠂ 8.7% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ 7.8% ᠪᠠᠷ ᠨᠡᠮᠡᠭᠳᠡᠵᠦ᠂ 5.9% | ᠶᠢ ᠡᠵᠡᠯᠡᠪᠡ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 17.8% ᠢᠶᠠᠷ ᠨᠡᠮᠡᠭᠳᠡᠵᠦ᠂ 2% ᠢ ᠡᠵᠡᠯᠡᠪᠡ︔ ᠴᠢᠯᠠᠭᠤᠨ ᠲᠣᠰᠣ ᠵᠢᠴᠢ | ᠪᠦᠲᠦᠭᠡᠭᠳᠡᠬᠦᠨ ᠤ ᠲᠥᠷᠥᠯ 11% ᠪᠠᠷ ᠨᠡᠮᠡᠭᠳᠡᠵᠦ᠂ 1.9% ᠶᠢ ᠡᠵᠡᠯᠡᠪᠡ︔ ᠮᠠᠰᠢᠨ ᠲᠡᠷᠭᠡᠨ ᠤ ᠲᠥᠷᠥᠯ 8.1% ᠪᠠᠷ ᠪᠠᠭᠤᠷᠠᠵᠤ᠂ 41.6% ᠶᠢ | ᠡᠵᠡᠯᠡᠪᠡ︔ ᠪᠤᠰᠤᠳ ᠲᠦᠷᠦᠯ ᠤᠨ ᠬᠢᠨ 27.3% ᠪᠠᠷ ᠨᠡᠮᠡᠭᠳᠡᠵᠦ᠂ 3.2% ᠢ ᠡᠵᠡᠯᠡᠪᠡ᠃ | ᠲᠠᠪᠤ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ | ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21024 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28096 ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 11142 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.52 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.5 ᠪᠠᠷ | ᠪᠠᠭᠤᠷᠠᠪᠠ᠃ | ᠣᠷᠣᠯᠭ᠎ᠠ ᠶᠢᠨ ᠢᠷᠡᠯᠲᠡ ᠠᠴᠠ ᠦᠵᠡᠪᠡᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ᠂ | ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠲᠣᠰ ᠲᠣᠰ 5.6%᠂ 5.4%᠂ 2. | 5%᠂ 1.8% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠴᠠᠯᠢᠩ ᠤᠨ ᠴᠢᠨᠠᠷᠲᠠᠢ ᠣᠷᠣᠯᠭ᠎ᠠ᠂ | ᠡᠵᠡᠩᠨᠡᠯᠲᠡ ᠶᠢᠨ ᠴᠡᠪᠡᠷ ᠣᠷᠣᠯᠭ᠎ᠠ᠂ ᠡᠳ᠋ ᠬᠥᠷᠥᠩᠭᠡ ᠶᠢᠨ ᠴᠡᠪᠡᠷ ᠣᠷᠣᠯᠭ᠎ᠠ᠂ ᠰᠢᠯᠵᠢᠭᠦᠯᠦᠭᠰᠡᠨ ᠴᠡᠪᠡᠷ ᠣᠷᠣᠯᠭ᠎ᠠ ᠲᠣᠰ ᠲᠣᠰ 5.4%᠂ 7.8%᠂ 4. | 6%᠂ 3.8% ᠪᠠᠷ ᠨᠡᠮᠡᠭᠳᠡᠪᠡ᠃ | ᠶᠡᠷᠦᠩᠬᠡᠢ ᠳᠤᠨᠢ ᠠᠪᠴᠤ ᠦᠵᠡᠪᠡᠯ᠂ ᠳᠡᠭᠡᠷ᠎ᠡ ᠬᠠᠭᠠᠰ ᠵᠢᠯ ᠳᠤ ᠪᠥᠬᠦ ᠬᠤᠰᠢᠭᠤᠨ ᠤ ᠠᠵᠤ ᠠᠬᠤᠢ ᠲᠣᠭᠲᠠᠭᠤᠨ ᠢᠶᠠᠷ ᠰᠠᠶᠢᠵᠢᠷᠠᠵᠤ᠂ ᠨᠢᠭᠡᠨᠲᠡ | ᠲᠣᠭᠲᠠᠭᠠᠭᠰᠠᠨ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠢᠳᠡᠪᠬᠢᠲᠡᠢ ᠬᠦᠴᠦᠨ ᠵᠦᠢᠯ ᠢ ᠲᠠᠰᠤᠷᠠᠯᠲᠠ ᠦᠭᠡᠢ | ᠬᠤᠷᠠᠮᠳᠤᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ ᠭᠡᠪᠡᠴᠦ ᠬᠤᠷᠸ᠎ᠠ ᠠᠵᠤ ᠠᠬᠤᠢ ᠶᠢᠨ ᠣᠷᠴᠢᠨ | ᠨᠥᠬᠦᠴᠡᠯ ᠪᠠ ᠰᠠᠭᠤᠷᠢ ᠲᠤᠭ᠎ᠠ ᠶᠢᠨ ᠨᠥᠯᠥᠭᠡ ᠳᠤ ᠬᠡᠯᠪᠡᠯᠵᠡᠯ ᠣᠷᠣᠰᠢᠵᠤ᠂ ᠦᠷᠭᠦᠯᠵᠢᠯᠡᠨ ᠨᠡᠮᠡᠭᠳᠡᠭᠦᠯᠬᠦ ᠰᠠᠭᠤᠷᠢ ᠬᠠᠷᠠᠬᠠᠨ ᠪᠠᠲᠤ ᠪᠠᠬᠢ ᠪᠢᠰᠢ ᠪᠠᠶᠢᠵᠤ᠂ | ᠠᠵᠤ ᠦᠢᠯᠡᠳᠪᠦᠷᠢ ᠶᠢ ᠲᠣᠭᠲᠠᠪᠤᠷᠢᠵᠢᠭᠤᠯᠬᠤ᠂ ᠬᠡᠷᠡᠭᠯᠡᠭᠡ ᠶᠢ ᠠᠬᠢᠭᠤᠯᠬᠤ᠂ ᠠᠷᠭ᠎ᠠ ᠮᠠᠶ᠋ᠢᠭ ᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ | ᠬᠥᠳᠡᠯᠭᠡᠭᠴᠢ ᠡᠨᠧᠷᠭᠢ ᠶᠢ ᠨᠡᠮᠡᠭᠳᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠠᠪᠤᠴᠠ ᠳᠤ ᠮᠥᠨ ᠯᠡ ᠨᠡᠩ ᠶᠡᠭᠡ ᠬᠦᠴᠦ ᠣᠷᠣᠭᠤᠯᠬᠤ ᠴᠢᠬᠤᠯᠠᠲᠠᠢ | ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ | ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠪᠣᠯᠣᠨ ᠬᠤᠰᠢᠭᠤᠨ ᠤ ᠨᠠᠮ ᠤᠨ | ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ | ᠰᠢᠨ᠎ᠡ ᠵᠠᠮ ᠢᠶᠠᠷ ᠵᠠᠮᠨᠠᠵᠤ᠂ ᠡᠮᠦᠨ᠎ᠡ ᠨᠢ ᠶᠠᠪᠤᠵᠤ᠂ ᠭᠤᠣᠯ ᠲᠣᠭᠤᠷᠢᠭ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠳᠤ ᠰᠢᠪᠲᠤᠯᠤᠯᠲᠠ ᠬᠢᠬᠦ︾ | ᠲᠡᠮᠡᠴᠡᠯ ᠤᠨ ᠬᠠᠷᠠᠯᠲᠠ ᠶᠢᠨ ᠲᠣᠭᠤᠷᠢᠨ ᠳᠤ᠂ ᠳᠤᠲᠠᠭᠤᠳᠠᠯ ᠢᠶᠠᠨ ᠬᠦᠴᠦᠯᠡᠨ ᠨᠥᠬᠦᠪᠦᠷᠢᠯᠡᠵᠦ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠠᠵᠤ ᠠᠬᠤᠢ ᠶᠢᠨ | ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠪᠥᠬᠦ ᠬᠤᠰᠢᠭᠤᠨ ᠤ ᠠᠵᠤ | ᠠᠬᠤᠢ ᠶᠢᠨ ᠡᠷᠬᠢᠯᠲᠡ ᠶᠢᠨ ᠪᠦᠬᠦᠯᠢ ᠴᠣᠭᠴᠠ ᠪᠠᠷ ᠢᠶᠠᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠤᠨ᠎ᠠ᠃ | | | |