ᠠᠷᠪᠠᠨ ᠵᠢᠷᠭᠤᠳᠤᠭᠠᠷ ᠬᠤᠭᠤᠴᠠᠭᠠᠨ ᠤ ᠣᠷᠳᠣᠰ ᠵᠠᠩ ᠦᠢᠯᠡ ᠶᠢᠨ ᠵᠢᠭᠤᠯᠴᠢᠯᠠᠯ ᠤᠨ ᠪᠠᠶᠠᠷ ᠵᠢᠴᠢ ᠦᠦᠰᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠠᠮᠵᠢᠯᠲᠠᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/8/23
      8 ᠰᠠᠷ᠎ᠠ ᠶᠢᠨ 18 ᠠᠴᠠ 22 ᠤᠨ ᠡᠳᠦᠷ ᠪᠣᠯᠲᠠᠯ᠎ᠠ᠂ ︽ᠲᠠᠯ᠎ᠠ ᠨᠤᠲᠤᠭ ᠤᠨ ᠪᠣᠯᠵᠤᠭ᠎ᠠ᠂ ᠳᠤᠯᠠᠭᠠᠨ ᠬᠤᠲᠠ ᠶᠢᠨ ᠡᠭᠡᠨᠡᠭᠰᠢᠯ︾ ᠠᠷᠪᠠᠨ ᠵᠢᠷᠭᠤᠳᠤᠭᠠᠷ ᠬᠤᠭᠤᠴᠠᠭᠠᠨ ᠤ ᠣᠷᠳᠣᠰ ᠵᠠᠩ ᠦᠢᠯᠡ ᠶᠢᠨ ᠵᠢᠭᠤᠯᠴᠢᠯᠠᠯ ᠤᠨ ᠪᠠᠶᠠᠷ ᠵᠢᠴᠢ ᠦᠦᠰᠢᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠦᠥᠰᠢᠨ ᠤᠰᠤᠨ ᠵᠢᠷᠤᠭ᠎ᠠ ᠮᠤᠷᠢᠨ ᠤ ᠰᠤᠶᠤᠯ ᠵᠤᠭᠠᠴᠠᠯ ᠤᠨ ᠣᠷᠣᠨ ᠳᠤ ᠶᠠᠪᠤᠭᠳᠠᠭᠰᠠᠨ ᠪᠠᠶᠢᠨ᠎ᠠ᠃      ᠲᠤᠰ ᠤᠳᠠᠭᠠᠨ ᠤ ᠨᠠᠭᠠᠳᠤᠮ ᠢ ᠤᠷᠳᠤᠰ ᠬᠤᠲᠠ ᠶᠢᠨ ᠰᠤᠶᠤᠯ ᠪᠠ ᠵᠢᠭᠤᠯᠴᠢᠯᠠᠯ ᠤᠨ ᠲᠤᠪᠴᠢᠶ᠎ᠠ ᠪᠠ ᠦᠤᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠦᠤᠰᠢᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠤᠰᠢᠨ ᠬᠤᠰᠢᠭᠤᠨ ᠤ ᠰᠤᠶᠤᠯ ᠪᠠ ᠵᠢᠭᠤᠯᠴᠢᠯᠠᠯ ᠤᠨ ᠲᠤᠪᠴᠢᠶ᠎ᠠ ᠵᠢᠴᠢ ᠰᠦᠯᠳᠡ ᠰᠤᠮᠤᠨ ᠤ ᠵᠠᠰᠠᠭ ᠤᠨ ᠤᠷᠳᠤᠨ ᠵᠡᠷᠭᠡ ᠨᠢᠭᠡᠴᠢ ᠠᠴᠠ ᠲᠠᠭᠠᠭᠠᠴᠢᠯᠠᠨ ᠡᠷᠬᠢᠯᠡᠵᠤ᠂ ᠡᠷ᠎ᠡ ᠶᠢᠨ ᠭᠤᠷᠪᠠᠨ ᠨᠠᠭᠠᠳᠤᠮ᠂ ᠭᠠᠩᠭᠠᠩ ᠮᠤᠷᠢᠨ ᠤ ᠰᠢᠯᠭᠠᠷᠠᠭᠤᠯᠤᠯᠲᠠ ᠶᠢᠨ ᠤᠷᠤᠯᠳᠤᠭᠠᠨ᠂ ᠦᠤᠰᠢᠨ ᠤᠰᠤᠨ ᠵᠢᠷᠤᠭ᠎ᠠ ᠮᠤᠷᠢᠨ ᠤ ᠰᠤᠶᠤᠯ ᠤᠨ ᠦᠵᠡᠭᠦᠯᠭᠡ᠂ ᠮᠤᠩᠭᠤᠯ ᠰᠢᠲᠠᠷ᠎ᠠ ᠶᠢᠨ ᠤᠷᠤᠯᠳᠤᠭᠠᠨ᠂ ᠠᠮᠲᠠᠲᠤ ᠢᠳᠡᠭᠡᠨ ᠤ ᠨᠠᠶᠢᠷ᠂ ᠡᠳ᠋ ᠪᠠᠷᠠᠭᠠᠨ ᠤ ᠲᠡᠯᠭᠡᠨ ᠪᠤᠷᠤᠯᠠᠭᠤᠯᠭ᠎ᠠ᠂ ᠣᠳᠣᠳ ᠤᠨ ᠲᠤᠰᠬᠠᠢ ᠲᠤᠭᠯᠠᠯᠳᠠ ᠵᠡᠷᠭᠡ ᠤᠯᠠᠨ ᠲᠦᠷᠦᠯ ᠤᠨ ᠠᠵᠢᠯᠯᠠᠭ᠎ᠠ ᠶᠢ ᠶᠠᠪᠤᠭᠳᠠᠭᠤᠯᠵᠤ ᠠᠮᠵᠢᠯᠲᠠᠲᠠᠢ ᠦᠨᠳᠦᠷᠯᠡᠭᠰᠡᠨ ᠪᠠᠶᠢᠨ᠎ᠠ᠃
2.jpg
3.jpg
4.jpg
6.jpg
5.jpg
7.jpg
8.jpg
9.jpg
10.jpg
12.jpg
                         ᠰᠤᠷᠪᠤᠯᠵᠢᠯᠠᠭᠴᠢ᠄ ᠬᠠᠰᠪᠤᠶᠠᠨᠲᠤ᠂ ᠲᠠᠨ᠎ᠠ᠂ ᠷᠢᠸᠠᠳᠢ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ