ᠮᠠᠨ ᠤ ᠬᠤᠰᠢᠭᠤ ᠠᠯᠠᠰᠢᠨ ᠥᠭᠡᠷ ᠤᠨ ᠤᠶᠢᠯᠡᠰ ᠢ ᠬᠦᠭᠵᠢᠭᠦᠯᠭᠦ ᠪᠠᠷ ᠭᠠᠳᠠᠨ᠎ᠠ ᠮᠤᠵᠢ ᠤᠷᠤᠨ ᠤ ᠺᠤᠮᠫᠠᠨᠢ ᠲᠠᠢ ᠬᠠᠮᠳᠤᠷᠠᠯᠴᠠᠭᠠᠨ ᠤ ᠭᠡᠷ᠎ᠡ | ᠲᠤᠭᠳᠠᠵᠤ᠂ ᠲᠠᠭᠠᠭᠤᠯᠤᠭᠴᠢ ᠠᠵᠤ ᠠᠬᠤᠶᠢᠯᠡᠯ ᠢᠶᠠᠷ ᠬᠦᠳᠡᠯᠭᠡᠭᠦᠷ ᠪᠤᠯᠭᠠᠵᠤ᠂ ᠠᠯᠠᠰᠢᠨ ᠦᠭᠡᠷ ᠤᠨ ᠪᠥᠭᠦ ᠠᠵᠤ ᠤᠶᠢᠯᠡᠰ ᠤᠨ ᠭᠡᠯᠬᠢᠶ᠎ᠡ ᠶᠢ ᠪᠤᠢ ᠪᠤᠯᠭᠠᠵᠤ | ︽ᠦᠤᠰᠢᠨ ᠬᠠᠷ᠎ᠠ ᠥᠭᠡᠷ︾ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠲᠠᠮᠵᠢᠨ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ᠃ | ᠤᠶᠢᠷ᠎ᠠ ᠶᠢᠨ ᠡᠳᠤᠷ᠂ ᠭᠠᠳᠠᠭᠠᠳᠤ ᠠᠴᠠ ᠤᠷᠤᠭᠤᠯᠤᠭᠰᠠᠨ 480 ᠲᠤᠯᠤᠭᠠᠢ ᠠᠩᠬᠢᠰ ᠥᠭᠡᠷ ᠲᠤᠭ ᠪᠠᠯᠭᠠᠰᠤ ᠶᠢᠨ ᠮᠠᠯᠴᠢᠥᠨ ᠲᠠᠷᠢᠶᠠᠴᠢᠨ ᠡᠷᠤᠭᠡ ᠳᠤ | ᠨᠤᠳᠤᠭᠰᠢᠯ᠎ᠠ᠃ | ᠰᠤᠷᠪᠤᠯᠵᠢᠯᠠᠭᠴᠢ ᠲᠤᠭ ᠪᠠᠯᠭᠠᠰᠤᠨ ᠤ ᠲᠤᠪᠤᠭ ᠭᠠᠴᠠᠭᠠᠨ ᠤ ᠮᠠᠯᠴᠢᠨ ᠬᠤᠤᠰᠪᠠᠶᠠᠷ ᠤᠨ ᠬᠢᠨ ᠤ ᠳᠤ ᠬᠦᠷᠭᠦ ᠳᠤ᠂ ᠬᠤᠰᠢᠭᠤ ᠲᠠᠷᠢᠶᠠᠯᠠᠩ ᠮᠠᠯ ᠠᠵᠤ | ᠠᠬᠤᠢ ᠶᠢᠨ ᠲᠤᠪᠴᠢᠶᠠᠨ ᠤ ᠠᠵᠢᠯᠳᠠᠳ ᠡᠳᠡᠨ ᠤ ᠬᠢᠨ ᠳᠤ ᠭᠠᠳᠠᠭᠠᠳᠤ ᠠᠴᠠ ᠤᠷᠤᠭᠤᠯᠤᠨ ᠠᠪᠴᠢᠷᠠᠭᠰᠠᠨ 50 ᠲᠤᠯᠤᠭᠠᠢ ᠠᠩᠬᠢᠰ ᠥᠭᠡᠷ ᠤᠨ ︽ᠡᠷᠤᠭᠡ | ᠠᠮᠠ ᠤᠷᠤᠭᠰᠠᠨ ᠲᠠᠩᠰᠡ︾ ᠪᠠᠶᠢᠭᠤᠯᠵᠤ ᠪᠠᠶᠢᠬᠤ ᠲᠠᠢ ᠲᠠᠭᠠᠷᠠᠯᠳᠤᠯ᠎ᠠ᠃ | ᠦᠤᠰᠢᠨ ᠬᠤᠰᠢᠭᠤᠨ ᠤ ᠵᠠᠰᠠᠭ ᠤᠨ ᠤᠷᠳᠤᠨ ᠠᠴᠠ ᠭᠠᠳᠠᠨ᠎ᠠ ᠮᠤᠵᠢ ᠤᠷᠤᠨ ᠤ ᠺᠤᠮᠫᠠᠨᠢ ᠲᠠᠢ ᠠᠯᠠᠰᠢᠨ ᠦᠬᠡᠷ ᠤᠨ ᠤᠶᠢᠯᠡᠰ ᠢ ᠬᠦᠭᠵᠢᠭᠦᠯᠭᠦ | ᠲᠠᠯ᠎ᠠ ᠪᠠᠷ ᠬᠠᠮᠳᠤᠷᠠᠯᠴᠠᠭᠠᠨ ᠤ ᠭᠡᠷ᠎ᠡ ᠲᠤᠭᠳᠠᠭᠰᠠᠨ ᠠᠴᠠ ᠺᠤᠮᠫᠠᠨᠢ ᠶᠢᠨ ᠬᠢᠨ ᠴᠤ ᠠᠩᠬᠢᠰ ᠦᠬᠡᠷ ᠮᠠᠯᠵᠢᠵᠤ ᠪᠠᠶᠢᠭ᠎ᠠ ᠡᠷᠤᠭᠡ ᠲᠠᠢ ᠲᠤᠭᠤᠯ ᠬᠤᠳᠠᠯᠳᠤᠨ | ᠠᠪᠬᠤ ᠭᠡᠷ᠎ᠡ ᠲᠤᠭᠳᠠᠭᠰᠠᠨ ᠤ ᠬᠠᠮᠳᠤ ᠪᠠᠰᠠ ᠦᠬᠡᠷ ᠮᠠᠯᠵᠢᠬᠤ ᠮᠡᠷᠭᠡᠵᠢᠯ ᠤᠨ ᠲᠠᠯ᠎ᠠ ᠶᠢᠨ ᠵᠢᠭᠠᠨ ᠵᠢᠯᠤᠭᠤᠳᠤᠯᠭ᠎ᠠ ᠬᠠᠩᠭᠠᠵᠤ ᠪᠠᠶᠢᠨ᠎ᠠ᠃ | ᠤᠶᠢᠯᠠᠭᠠᠭᠰᠠᠨ ᠢᠶᠠᠷ᠂ ᠮᠠᠨ ᠤ ᠬᠤᠰᠢᠭᠤ ᠡᠨᠡ ᠵᠢᠯ ᠤᠨ ᠡᠴᠤᠰ ᠪᠤᠯᠳᠠᠯ᠎ᠠ 1300 ᠭᠠᠷᠤᠢ ᠠᠩᠬᠢᠰ ᠥᠭᠡᠷ ᠢ 6 ᠰᠤᠮᠤ ᠪᠠᠯᠭᠠᠰᠤ ᠶᠢᠨ ᠭᠡᠷ᠎ᠡ | ᠲᠤᠭᠳᠠᠭᠰᠠᠨ ᠮᠠᠯᠴᠢᠨ ᠲᠠᠷᠢᠶᠠᠴᠢᠨ ᠡᠷᠤᠭᠡ ᠳᠤ ᠭᠠᠳᠠᠭᠠᠳᠤ ᠠᠴᠠ ᠤᠷᠤᠭᠤᠯᠤᠨ ᠠᠪᠴᠢᠷᠠᠵᠤ ᠦᠭᠭᠦ ᠪᠠᠷ ᠪᠠᠶᠢᠨ᠎ᠠ᠃ | | ᠰᠣᠷᠪᠣᠯᠵᠢᠯᠠᠭᠴᠢ᠄ ᠪᠣᠶᠠᠨᠳᠣ |