ᠦᠦᠰᠢᠨ ᠬᠤᠰᠢᠭᠤᠨ ᠤ 2023 ᠣᠨ ᠤ 1 — 7 ᠳ᠋ᠤᠭᠠᠷ ᠰᠠᠷ᠎ᠠ ᠶᠢᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ
ᠨᠡᠶᠢᠲᠡᠯᠡᠭᠰᠡᠨ ᠴᠠᠭ᠄
2023/8/31
      ᠨᠢᠭᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠮᠡᠭᠳᠡᠵᠦ ᠪᠠᠶᠢᠨ᠎ᠠ      1 — 7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 124% ᠪᠠᠷ ᠨᠡᠮᠡᠭᠳᠡᠪᠡ᠃ ᠠᠵᠤ ᠦᠢᠯᠡᠰ ᠢᠶᠠᠷ ᠨᠢ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 240.9% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 182.1% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 15% ᠢᠶᠠᠷ ᠪᠠᠭᠤᠷᠠᠪᠠ᠃ ᠠᠵᠢᠯ ᠲᠦᠷᠦᠯ ᠢᠶᠠᠷ ᠨᠢ ᠬᠤᠪᠢᠶᠠᠵᠤ ᠦᠵᠡᠪᠡᠯ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ 4.8% ᠪᠠᠷ ᠨᠡᠮᠡᠭᠳᠡᠪᠡ︔ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 3888.6% ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 28.5% ᠪᠠᠷ ᠪᠠᠭᠤᠷᠠᠪᠠ︔ ᠪᠤᠰᠤᠳ ᠭᠦᠢᠴᠡᠳᠬᠡᠯ ᠲᠤᠭ᠎ᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ 182.1% ᠪᠠᠷ ᠨᠡᠮᠡᠭᠳᠡᠪᠡ︔ ᠠᠷᠠᠳ ᠤᠨ ᠪᠡᠯᠡ ᠣᠷᠣᠭᠤᠯᠤᠯᠲᠠ 527.3% ᠪᠠᠷ ᠨᠡᠮᠡᠭᠳᠡᠪᠡ︔ ᠨᠡᠶᠢᠭᠡᠮ ᠤᠨ ᠬᠦᠷᠢᠶᠡᠨ ᠳᠠᠬᠢ ᠪᠡᠯᠡ ᠣᠷᠣᠭᠤᠯᠤᠯᠲᠠ 32.5% ᠪᠠᠷ ᠪᠠᠭᠤᠷᠠᠪᠠ᠃ ᠪᠥᠬᠦ ᠬᠤᠰᠢᠭᠤᠨ ᠤ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 85628 ᠲᠡᠭᠰᠢ ᠳᠥᠷᠪᠡᠯᠵᠢᠨ ᠮᠧᠲᠷ ᠲᠤ ᠬᠦᠷᠴᠦ᠂ 18.6% ᠪᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ 31237 ᠲᠦᠮᠡᠨ ᠲᠥᠭᠦᠷᠢᠭ ᠲᠤ ᠬᠦᠷᠴᠦ᠂ 0.6% ᠪᠠᠷ ᠨᠡᠮᠡᠭᠳᠡᠪᠡ᠃      7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠤ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠥᠷᠥᠯ ᠵᠦᠢᠯ 113 ᠲᠦᠷᠦᠯ ᠪᠤᠢ᠃ ᠡᠭᠦᠨ ᠳᠤ᠄ 5000 ᠲᠦᠮᠡ ᠠᠴᠠ ᠳᠡᠭᠡᠭᠰᠢᠬᠢ ᠪᠡᠯᠡ ᠣᠷᠣᠭᠤᠯᠤᠯᠲᠠ ᠲᠠᠢ ᠲᠥᠷᠥᠯ ᠵᠦᠢᠯ 41᠂ 500 ᠲᠦᠮᠡ — 5000 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠲᠠᠢ ᠲᠥᠷᠥᠯ ᠵᠦᠢᠯ 39᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ 33 ᠪᠣᠶ᠃ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 28 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 167.3% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 93.27% ᠶᠢ ᠡᠵᠡᠯᠡᠪᠡ᠃ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠥᠷᠥᠯ ᠵᠦᠢᠯ 7 ᠪᠠᠶᠢᠵᠤ᠂ ᠲᠤᠭ᠎ᠠ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 40% ᠪᠠᠷ ᠨᠡᠮᠡᠭᠳᠡᠵᠦ ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 256.2% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 84.37% ᠶᠢ ᠡᠵᠡᠯᠡᠪᠡ᠃ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ 29 ᠭᠤᠣᠯᠳᠠᠯᠭ᠎ᠠ ᠲᠠᠢ ᠲᠥᠷᠥᠯ ᠵᠦᠢᠯ ᠤᠨ ᠳᠣᠲᠣᠷ᠎ᠠ ᠠᠴᠠ 20 ᠲᠥᠷᠥᠯ ᠵᠦᠢᠯ ᠢ ᠨᠢᠭᠡᠨᠲᠡ ᠬᠥᠮᠥᠷᠭᠡ ᠳᠤ ᠣᠷᠣᠭᠤᠯᠵᠤ ᠂ 65.74 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ᠬᠤᠶᠠᠷ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠠᠷᠤᠯᠳᠠ ᠶᠢ ᠳᠠᠭᠠᠭᠠᠵᠦ ᠦᠷᠭᠦᠯᠵᠢᠯᠡᠨ ᠬᠦᠭᠵᠢᠪᠡ      1 — 7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠪᠡ︔ 7 ᠳ᠋ᠤᠭᠠᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11% ᠪᠠᠷ ᠨᠡᠮᠡᠭᠳᠡᠵᠦ᠂ 6 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 3.2 ᠬᠤᠪᠢ ᠨᠡᠮᠡᠭᠳᠡᠵᠡᠢ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 11.15% ᠪᠠᠷ ᠪᠠᠭᠤᠷᠠᠪᠠ︔ ᠪᠣᠷᠤᠯᠠᠭᠤᠯᠭ᠎ᠠ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 10.73% ᠪᠠᠷ ᠪᠠᠭᠤᠷᠠᠪᠠ︔ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 100% ᠬᠦᠷᠴᠤ᠂ ᠠᠳᠠᠯᠢ ᠬᠤᠭᠤᠴᠠᠭᠠᠨ ᠤ ᠬᠢ ᠠᠴᠠ 0.4% ᠪᠠᠷ ᠨᠡᠮᠡᠭᠳᠡᠪᠡ︔ 7 ᠳ᠋ᠣᠭᠠᠷ ᠰᠠᠷ᠎ᠠ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 102.5% ᠬᠦᠷᠴᠤ᠂ ᠠᠳᠠᠯᠢ ᠬᠤᠭᠤᠴᠠᠭᠠᠨ ᠤ  ᠬᠢ ᠠᠴᠠ 1% ᠪᠠᠷ ᠨᠡᠮᠡᠭᠳᠡᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 52.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.2% ᠢᠶᠠᠷ ᠪᠠᠭᠤᠷᠠᠪᠠ᠃      1 — 7 ᠳ᠋ᠤᠭᠠᠷ ᠰᠠᠷ᠎ᠠ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠦ ᠠᠬᠤᠶᠢᠯᠠᠯ ︵ᠪᠠᠶᠢᠭᠠᠯᠢ ᠶᠢᠨ ᠰᠢᠲᠠᠮᠠᠬᠠᠢ ᠬᠡᠢ ᠪᠠᠭᠲᠠᠬᠤ ᠦᠭᠡᠢ︶ ᠢ ᠠᠵᠢᠯ ᠲᠥᠷᠥᠯ ᠤᠨ ᠲᠥᠷᠥᠯ ᠢᠯᠭᠠᠯ ᠢᠶᠠᠷ ᠨᠢ ᠬᠤᠪᠢᠶᠠᠪᠠᠯ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 14.9% ᠪᠠᠷ ᠪᠠᠭᠤᠷᠠᠪᠠ︔ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 15.8% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 22.4% ᠪᠠᠷ ᠪᠠᠭᠤᠷᠠᠪᠠ︔ ᠰᠢᠲᠠᠮᠠᠬᠠᠢ ᠬᠡᠢ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 29.9% ᠪᠠᠷ ᠪᠠᠭᠤᠷᠠᠪᠠ᠃ ᠬᠦᠨᠳᠦ ᠬᠥᠩᠭᠡᠨ ᠠᠵᠤ ᠦᠢᠯᠡᠳᠪᠦᠷᠢ ᠪᠠᠷ ᠨᠢ ᠬᠤᠪᠢᠶᠠᠪᠠᠯ᠄ ᠬᠥᠩᠭᠡᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 13.75% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 14.89% ᠪᠠᠷ ᠪᠠᠭᠤᠷᠠᠪᠠ︔ ᠳᠠᠩᠰᠠᠯᠠᠭᠤᠯᠤᠭᠰᠠᠨ ᠲᠥᠷᠥᠯ ᠬᠡᠯᠪᠡᠷᠢ ᠪᠠᠷ ᠨᠢ ᠬᠤᠪᠢᠶᠠᠪᠠᠯ᠄ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 12.56% ᠪᠠᠷ ᠪᠠᠭᠤᠷᠠᠪᠠ︔ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 33.1% ᠪᠠᠷ ᠪᠠᠭᠤᠷᠠᠪᠠ︔ ᠬᠤᠪᠢ ᠣᠷᠣᠭᠤᠯᠤᠯᠲᠠ ᠶᠢᠨ ᠳᠦᠷᠢᠮᠲᠦ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 15.35% ᠪᠠᠷ ᠪᠠᠭᠤᠷᠠᠪᠠ︔ ᠭᠠᠳᠠᠭᠠᠳᠤ ᠶᠢᠨ ᠬᠤᠳᠠᠯᠳᠤᠭᠠᠴᠢᠨ ᠵᠢᠴᠢ ᠰᠢᠶᠠᠩᠭᠠᠩ ᠣᠣᠮᠧᠨ ᠲᠠᠶᠢᠸᠠᠨ ᠤ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 2.33% ᠪᠠᠷ ᠪᠠᠭᠤᠷᠠᠪᠠ᠃      1—7 ᠳ᠋ᠤᠭᠠᠷ ᠰᠠᠷ᠎ᠠ ᠶᠢᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ᠄ ᠪᠠᠶᠢᠭᠠᠯᠢ ᠶᠢᠨ ᠰᠢᠲᠠᠮᠠᠬᠠᠢ ᠬᠡᠢ 94.5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.54% ᠪᠠᠷ ᠨᠡᠮᠡᠭᠳᠡᠪᠡ︔ ᠨᠡᠭᠦᠷᠡᠰᠦ 2333.07 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.14% ᠪᠠᠷ ᠪᠠᠭᠤᠷᠠᠪᠠ︔ ᠨᠠᠷᠢᠯᠢᠭ ᠮᠧᠲ᠋ᠢᠯ ᠠᠯᠺᠤᠤᠯ ᠨᠢ 381.36 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.5% ᠪᠠᠷ ᠪᠠᠭᠤᠷᠠᠪᠠ︔ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ 53.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.95% ᠪᠠᠷ ᠨᠡᠮᠡᠭᠳᠡᠪᠡ︔ ᠰᠢᠭᠡᠰᠦᠯᠢᠭ ᠡᠳ᠋ 181.45 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.49% ᠪᠠᠷ ᠨᠡᠮᠡᠭᠳᠡᠪᠡ︔ ᠪᠥᠭᠡᠭᠡᠨᠡᠷᠡᠯ ᠡᠲ᠋ᠧᠨ 61.11 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.43% ᠪᠠᠷ ᠪᠠᠭᠤᠷᠠᠪᠠ︔ ᠪᠥᠭᠡᠭᠡᠨᠡᠷᠡᠯ ᠫᠷᠦᠫᠧᠨ 62.31 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.87%  ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ 15.62 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.45% ᠪᠠᠷ ᠪᠠᠭᠤᠷᠠᠪᠠ᠃      ᠭᠤᠷᠪᠠ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠢ ᠲᠤᠭᠲᠠᠭᠤᠨ ᠢᠶᠠᠷ ᠬᠦᠭᠵᠢᠪᠡ      1 — 6 ᠳ᠋ᠣᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 3.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.7% ᠪᠠᠷ ᠪᠠᠭᠤᠷᠠᠪᠠ᠃ 1 — 5 ᠳ᠋ᠤᠭᠠᠷ ᠰᠠᠷ᠎ᠠ ᠶᠢᠨ  ᠬᠢ ᠠᠴᠠ ᠵᠠᠭᠤᠨ ᠤ ᠬᠠᠷᠢᠴᠠᠯ ᠢᠶᠠᠷ 2.8 ᠬᠤᠪᠢ ᠨᠡᠮᠡᠭᠳᠡᠪᠡ᠃ ᠬᠥᠮᠥᠷᠭᠡ ᠳᠤ ᠪᠠᠶᠢᠭ᠎ᠠ 4 ᠠᠵᠢᠯ ᠲᠥᠷᠥᠯ ᠳᠤ ︽ᠨᠢᠭᠡ ᠳᠡᠭᠡᠭᠰᠢᠯᠡᠵᠦ ᠨᠢᠬᠡ ᠠᠳᠠᠯᠢ ᠬᠤᠶᠠᠷ ᠪᠠᠭᠤᠷᠠᠬᠤ︾ ᠪᠠᠶᠢᠳᠠᠯ ᠢᠯᠡᠷᠡᠪᠡ᠄ ᠤᠰᠤᠨ ᠠᠰᠢᠭᠯᠠᠯᠲᠠ᠂ ᠣᠷᠴᠢᠨ ᠲᠤᠭᠤᠷᠢᠨ ᠪᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.21 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 50% ᠪᠠᠷ ᠨᠡᠮᠡᠭᠳᠡᠪᠡ︔ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 0.05 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ ᠲᠦᠷᠦᠭᠦᠦ ᠵᠢᠯ ᠤᠨ ᠬᠢ ᠲᠠᠢ ᠲᠡᠩᠴᠡᠭᠦᠦ ᠪᠣᠯᠪᠠ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.18 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 18.82% ᠪᠠᠷ ᠪᠠᠭᠤᠷᠠᠪᠠ︔ 1—5 ᠳ᠋ᠤᠭᠠᠷ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.91 ᠬᠤᠪᠢ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1.41 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.29% ᠪᠠᠷ ᠪᠠᠭᠤᠷᠠᠪᠠ᠃ 1—5 ᠳ᠋ᠣᠭᠠᠷ ᠰᠠᠷ᠎ᠠ ᠶᠢᠨ ᠬᠢ ᠠᠴᠠ ᠵᠠᠭᠤᠨ  ᠤ ᠬᠠᠷᠢᠴᠠᠯ ᠢᠶᠠᠷ 5.21 ᠬᠤᠪᠢ ᠨᠡᠮᠡᠭᠳᠡᠪᠡ᠃      ᠳᠥᠷᠪᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠦᠷᠬᠦᠯᠵᠢᠯᠡᠨ ᠰᠡᠷᠭᠦᠪᠡ       1 — 7 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠭᠦ ᠲᠤᠭ᠎ᠠ 20.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠡᠵᠡᠩᠨᠡᠯᠲᠡ ᠶᠢᠨ ᠪᠠᠶᠢᠭᠤᠯᠭ᠎ᠠ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 15.3% ᠪᠠᠷ ᠨᠡᠮᠡᠭᠳᠡᠪᠡ᠂ ᠬᠥᠳᠡᠭᠡ ᠲᠣᠰᠬᠤᠨ ᠤ ᠬᠢᠵᠠᠭᠠᠷᠯᠠᠭᠰᠠᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠲᠠᠢ ᠲᠡᠩᠴᠡᠪᠡ᠃ ᠬᠡᠷᠡᠭᠯᠡᠭᠡᠨ ᠤ ᠲᠥᠷᠥᠯ ᠬᠡᠯᠪᠡᠷᠢ ᠪᠠᠷ ᠬᠤᠪᠢᠶᠠᠪᠠᠯ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠪᠡ︔ ᠬᠢᠵᠠᠭᠠᠷᠯᠠᠭᠰᠠᠨ ᠢᠳᠡᠭᠡᠨ ᠤᠮᠳᠠᠭᠠᠨ ᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 28.2% ᠢᠶᠠᠷ ᠨᠡᠮᠡᠭᠳᠡᠪᠡ᠃ 1 — 7 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ ᠲᠥᠷᠥᠯ ᠵᠦᠢᠯ ᠢᠶᠠᠷ ᠨᠢ ᠦᠵᠡᠪᠡᠯ᠂ ᠠᠮᠤ ᠪᠤᠳᠠᠭ᠎ᠠ ᠢᠳᠡᠰᠢᠨ ᠲᠣᠰᠣ ᠢᠳᠡᠭᠡᠨ ᠤ ᠲᠥᠷᠥᠯ 32.2% ᠢᠶᠠᠷ ᠨᠡᠮᠡᠭᠳᠡᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 34.9% ᠳᠤ ᠬᠦᠷᠴᠡᠢ︔ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠴᠢᠮᠡᠭᠡᠨ ᠤ ᠬᠡᠷᠡᠭᠰᠡᠯ ᠤᠨ ᠲᠥᠷᠥᠯ 25.6% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠦᠢᠯᠡᠳᠬᠦᠨ ᠤ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 8.6% ᠳᠤ ᠬᠦᠷᠴᠡᠢ︔ ᠬᠢᠲᠠᠳ ᠡᠸᠦ᠋ᠷᠦᠫᠡ ᠡᠮ ᠤᠨ ᠲᠥᠷᠥᠯ 7.3% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 5.5% ᠳᠤ ᠬᠦᠷᠴᠡᠢ︔ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ 17.5% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 1.9%  ᠳᠤ ᠬᠦᠷᠴᠡᠢ︔ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ 14.9% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 1.9% ᠳᠤ ᠬᠦᠷᠴᠡᠢ︔ ᠮᠠᠰᠢᠨ ᠲᠡᠷᠭᠡᠨ ᠤ ᠲᠥᠷᠥᠯ 1.7% ᠪᠠᠷ ᠪᠠᠭᠤᠷᠠᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 44.2% ᠲᠤ ᠬᠦᠷᠴᠡᠢ︔ ᠪᠤᠰᠤᠳ ᠲᠦᠷᠦᠯ ᠤᠨ ᠬᠢᠨ 28.6% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠭᠰᠠᠨ ᠲᠠᠸᠠᠷ ᠤᠨ ᠶᠡᠷᠦᠩᠬᠡᠢ ᠲᠣᠭᠠᠨ ᠳᠤ ᠡᠵᠡᠯᠡᠬᠦ ᠬᠤᠪᠢ ᠶᠢᠨ ᠵᠢᠩ ᠨᠢ 3% ᠳᠤ ᠬᠦᠷᠴᠡᠢ᠃       ᠶᠡᠷᠦᠩᠬᠡᠢ ᠳᠤᠨᠢ ᠠᠪᠴᠤ ᠦᠵᠡᠪᠡᠯ᠂ 1 — 7 ᠳ᠋ᠣᠭᠠᠷ ᠰᠠᠷ᠎ᠠ ᠳᠤ ᠪᠦᠭᠦ ᠬᠤᠰᠢᠭᠤᠨ ᠤ ᠠᠵᠤ ᠠᠬᠤᠢ ᠶᠢᠨ ᠡᠷᠬᠢᠯᠲᠡ ᠶᠢᠨ ᠢᠳᠡᠪᠬᠢ ᠬᠦᠴᠦᠨ ᠵᠦᠢᠯ ᠲᠠᠰᠤᠷᠠᠯᠲᠠ ᠦᠭᠡᠢ ᠬᠤᠷᠠᠮᠳᠤᠵᠦ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠤᠯᠠᠮ ᠨᠢᠭᠡ ᠠᠯᠬᠤᠮ ᠪᠠᠬᠢᠵᠢᠪᠡ᠃ ᠭᠡᠪᠡᠴᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠳᠤ ᠮᠥᠨ ᠯᠡ ᠬᠡᠯᠪᠡᠯᠵᠡᠯ ᠣᠷᠣᠰᠢᠵᠤ ᠦᠷᠭᠦᠯᠵᠢᠯᠡᠨ ᠨᠡᠮᠡᠭᠳᠡᠬᠦ ᠰᠠᠭᠤᠷᠢ ᠬᠠᠷᠠᠬᠠᠨ ᠪᠠᠲᠤ ᠪᠠᠬᠢ ᠪᠢᠰᠢ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ ᠠᠰᠢᠭ ᠦᠨ᠎ᠡ ᠬᠠᠩᠰᠢ ᠶᠢᠨ ᠨᠥᠯᠥᠭᠡ ᠶᠢ ᠬᠥᠷᠳᠡᠬᠦ ᠰᠠᠭᠤᠷᠢ ᠪᠣᠯᠬᠤ ᠣᠨᠴᠠᠯᠢᠭ ᠰᠢᠨᠵᠢ ᠲᠠᠢ ᠪᠠᠶᠢᠵᠤ᠂ ᠬᠡᠷᠡᠭᠯᠡᠭᠡᠨ ᠤ ᠵᠠᠬ᠎ᠠ ᠳᠡᠯᠭᠡᠭᠦᠷ ᠪᠦᠬᠦᠯᠢ ᠴᠣᠭᠴᠠ ᠶᠢᠨ ᠬᠠᠨᠳᠤᠰᠢ ᠶᠢᠨ ᠴᠢᠨᠠᠷᠲᠠᠢ ᠰᠠᠶᠢᠵᠢᠷᠠᠯᠲᠠ ᠳᠤ ᠬᠥᠷᠤᠭᠡᠳᠤᠢ ᠪᠠᠶᠢᠵᠤ᠂ ᠪᠡᠯᠡ ᠣᠷᠣᠭᠤᠯᠤᠯᠲᠠ ᠶᠢᠨ ᠢᠲᠡᠭᠡᠯ ᠪᠠ ᠨᠡᠶᠢᠭᠡᠮ ᠤᠨ ᠵᠢᠱᠢᠯᠲᠡ ᠮᠥᠨ ᠯᠡ ᠰᠠᠶᠢᠵᠢᠷᠠᠨ ᠰᠡᠷᠭᠦᠬᠦ ᠱᠠᠲᠤᠨ ᠳᠤ ᠣᠷᠣᠰᠢᠵᠤ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠠ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠢᠶᠠᠷ ᠭᠤᠣᠯ ᠭᠠᠷᠳᠠᠴᠠ ᠪᠣᠯᠭᠠᠵᠤ ︽ᠰᠢᠨ᠎ᠡ ᠵᠠᠮ ᠢᠶᠠᠷ ᠵᠠᠮᠨᠠᠵᠤ᠂ ᠡᠮᠤᠨ᠎ᠡ ᠡᠩᠨᠡᠬᠡᠨ ᠳᠤ ᠶᠠᠪᠤᠵᠦ᠂ ᠭᠤᠣᠯ ᠣᠷᠣᠨ ᠢ ᠪᠦᠲᠦᠭᠡᠨ ᠪᠠᠶᠢᠭᠤᠯᠵᠤ᠂ ᠵᠠᠭᠤᠨ ᠬᠦᠴᠦᠷᠬᠡᠭ ᠰᠢᠶᠠᠨ ᠳᠤ ᠰᠢᠪᠲᠤᠯᠤᠯᠲᠠ ᠬᠢᠬᠦ︾ ᠲᠡᠮᠡᠴᠡᠯ ᠤᠨ ᠬᠠᠷᠠᠯᠲᠠ ᠪᠠᠨ ᠲᠣᠭᠲᠠᠭᠠᠨ ᠳᠤᠲᠠᠭᠤᠳᠠᠯ ᠢᠶᠠᠨ ᠬᠦᠴᠦᠯᠡᠨ ᠨᠥᠬᠦᠪᠦᠷᠢᠯᠡᠵᠦ ᠬᠥᠳᠡᠯᠭᠡᠬᠦ ᠬᠦᠴᠦᠨ ᠨᠡᠮᠡᠷᠢᠯᠡᠨ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ 
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ