| | | | | ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠣᠪᠴᠢᠶᠠᠨ ᠳᠡᠳ᠋ ᠳᠠᠷᠤᠭ᠎ᠠ ᠶᠤᠸᠠᠨ ᠰᠢ ᠢᠦᠢ | | | ᠬᠥᠲᠥᠯᠥᠭᠴᠢ᠄ ᠳᠠᠶᠠᠭᠠᠷ ᠢᠶᠠᠨ ᠰᠠᠶᠢᠨ ᠪᠠᠶᠢᠵᠠᠭᠠᠨ᠎ᠠ ᠤᠤ᠂ ᠥᠨᠥᠳᠥᠷ ᠪᠢᠳᠡ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠶᠤᠸᠠᠨ ᠰᠢ ᠢᠦᠢ ᠶᠢ ᠰᠦᠯᠵᠢᠶᠡᠨ | ᠳᠡᠭᠡᠷᠡᠬᠢ ᠰᠣᠷᠪᠤᠯᠵᠢᠯᠠᠭ᠎ᠠ ᠶᠢᠨ ᠫᠷᠣᠭ᠍ᠷᠠᠮ ᠳᠤ ᠤᠷᠢᠵᠤ᠂ ᠣᠯᠠᠨ ᠲᠠᠢ ᠦᠦᠰᠢᠨ ᠬᠤᠰᠢᠭᠤᠨ ᠤ ᠡᠨᠡ ᠵᠢᠯ ᠤᠨ ᠢᠳᠡᠭᠡᠨ ᠤ ᠠᠮᠤᠷ ᠲᠦᠪᠰᠢᠨ ᠤ ︽ᠬᠤᠶᠠᠷ | ᠬᠠᠷᠢᠭᠤᠴᠠᠯᠭ᠎ᠠ︾ ᠶᠢ ᠪᠣᠳᠠᠲᠠᠢ ᠪᠠᠷ ᠨᠠᠷᠢᠯᠢᠭᠵᠢᠭᠤᠯᠤᠭᠰᠠᠨ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠶᠠᠷᠢᠯᠴᠠᠶ᠎ᠠ᠂ ᠶᠤᠸᠠᠨ ᠲᠣᠪᠴᠢᠶᠠᠨ ᠳᠠᠷᠤᠭ᠎ᠠ ᠲᠠ | ᠰᠠᠶᠢᠨ ᠤᠤ︕ | ᠶᠤᠸᠠᠨ ᠰᠢ ᠢᠦᠢ᠄ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠰᠠᠶᠢᠨ ᠪᠠᠶᠢᠵᠠᠭᠠᠨ᠎ᠠ ᠤᠤ︕ ᠪᠢ ᠪᠣᠯ ᠦᠦᠰᠢᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶᠠᠨ ᠳᠡᠳ᠋ ᠳᠠᠷᠤᠭ᠎ᠠ ᠶᠤᠸᠠᠨ | ᠰᠢ ᠢᠦᠢ ᠪᠠᠶᠢᠨ᠎ᠠ᠂ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠣᠷᠳᠣ ᠬᠤᠭᠤᠴᠠᠭᠠᠨ ᠤ ᠲᠤᠷᠰᠢ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠶᠢᠨ ᠬᠠᠮᠲᠤ ᠮᠠᠨ ᠤ ᠠᠵᠢᠯ ᠳᠤ ᠡᠷᠬᠢᠮ ᠨᠠᠨᠳᠢᠨ ᠰᠠᠨᠠᠯ | ᠳᠤᠷᠠᠳᠬᠤ ᠶᠢ ᠬᠦᠰᠡᠵᠦ ᠪᠠᠶᠢᠨ᠎ᠠ᠃ | ᠬᠥᠲᠥᠯᠥᠭᠴᠢ᠄ ᠲᠠ ᠤᠷᠢᠳᠠᠪᠠᠷ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠦᠨᠳᠦᠰᠦᠨ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ᠶᠤᠸᠠᠨ ᠰᠢ ᠢᠦᠢ᠄ ᠦᠦᠰᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2019 ᠣᠨ ᠤ 3 ᠰᠠᠷ᠎ᠠ ᠳᠤ | ᠵᠢᠩᠬᠢᠨᠢ ᠪᠠᠷ ᠪᠠᠶᠢᠭᠤᠯᠤᠭᠳᠠᠪᠠ᠃ ᠦᠦᠰᠢᠨ ᠬᠤᠰᠢᠭᠤᠨ ᠤ ᠢᠳᠡᠭᠡᠨ ᠣᠮᠳᠠᠭᠠᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠦᠰᠢᠨ ᠬᠤᠰᠢᠭᠤᠨ ᠤ ᠶᠠᠰᠤ ᠴᠢᠨᠠᠷ ᠮᠡᠷᠭᠡᠵᠢᠯ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ᠂ ᠦᠦᠰᠢᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠭᠤᠷᠪᠠᠨ ᠲᠣᠪᠴᠢᠶ᠎ᠠ ᠶᠢ ᠡᠮᠬᠢᠯᠡᠨ ᠨᠡᠶᠢᠯᠡᠭᠦᠯᠵᠦ ᠪᠦᠷᠢᠯᠳᠤᠪᠡ᠃ ᠦᠦᠰᠢᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠣᠲᠣᠭᠠᠳᠤ ᠪᠠᠶᠢᠭᠤᠯᠤᠮᠵᠢ 18᠂ ᠲᠣᠮᠢᠯᠠᠭᠰᠠᠨ ᠪᠠᠶᠢᠭᠤᠯᠤᠮᠵᠢ 6᠂ ᠨᠢᠭᠡᠳᠦᠭᠡᠷ ᠲᠥᠷᠥᠯ ᠤᠨ | ᠠᠵᠢᠯ ᠦᠢᠯᠡᠰ ᠤᠨ ᠨᠢᠭᠡᠴᠢ 4 ᠪᠠᠶᠢᠵᠦ᠂ ᠢᠳᠡᠭᠡᠨ ᠣᠮᠳᠠᠭᠠᠨ᠂ ᠡᠮ ᠤᠨ ᠵᠦᠢᠯᠡᠰ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠠᠵᠤ | ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ᠂ ᠬᠡᠮᠵᠢᠯᠲᠡ ᠪᠠᠷᠢᠮᠵᠢᠶᠠᠵᠢᠭᠤᠯᠤᠯᠲᠠ ᠪᠠ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠵᠡᠷᠭᠡ ᠬᠦᠷᠢᠶ᠎ᠡ | ᠴᠠᠷᠠᠭ᠎ᠠ ᠳᠤ ᠬᠤᠯᠪᠣᠭᠳᠠᠨ᠎ᠠ᠃ | ᠬᠥᠲᠥᠯᠥᠭᠴᠢ᠄ ᠣᠯᠠᠨ ᠤ ᠮᠡᠳᠡᠭᠡᠵᠢ ᠪᠠᠷ᠂ ᠡᠨᠡ ᠵᠢᠯ ᠪᠣᠯ ᠤᠯᠤᠰ ᠤᠨ ᠢᠳᠡᠭᠡᠨ ᠣᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ | ᠶᠢ ᠬᠡᠷᠡᠭᠵᠢᠭᠦᠯᠬᠦ ᠵᠢᠯ ᠮᠥᠨ᠂ ᠶᠤᠸᠠᠨ ᠲᠣᠪᠴᠢᠶᠠᠨ ᠳᠠᠷᠤᠭ᠎ᠠ ᠪᠢᠳᠡᠨ ᠳᠤ ᠡᠨᠡ ᠬᠦ ᠠᠵᠢᠯ ᠤᠨ ᠡᠭᠦᠷᠭᠡ ᠶᠢ ᠳᠥᠭᠦᠮᠬᠡᠨ ᠲᠠᠨᠢᠯᠴᠠᠭᠤᠯᠵᠤ ᠥᠭᠭᠦ ᠪᠣᠯᠪᠠᠤ︖ | | ᠶᠤᠸᠠᠨ ᠰᠢ ᠢᠦᠢ᠄ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠭᠡᠳᠡᠭ ᠨᠢ ᠢᠳᠡᠭᠡᠨ ᠣᠮᠳᠠᠭᠠᠨ ᠤ ᠠᠮᠤᠷ ᠲᠦᠪᠰᠢᠨ ᠤ ᠬᠠᠷᠢᠶ᠎ᠠ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠵᠢᠭᠠᠵᠤ ᠪᠠᠶᠢᠨ᠎ᠠ᠃ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯ ᠳᠡᠰ ᠬᠤᠪᠢᠶᠠᠨ ᠱᠠᠲᠤ ᠬᠤᠪᠢᠶᠠᠨ᠂ ᠱᠠᠲᠤ ᠱᠠᠲᠤ ᠪᠠᠷ ᠬᠠᠷᠠᠭᠠᠯᠵᠠᠭᠰᠠᠨ | ᠳᠠᠭᠠᠭᠠᠴᠢᠯᠠᠯᠲᠠ ᠶᠢᠨ ᠳᠦᠷᠢᠮ ᠢ ᠬᠡᠷᠡᠭᠵᠢᠭᠦᠯᠬᠦ ᠪᠠᠷ ᠳᠠᠮᠵᠢᠭᠤᠯᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾ ︽ᠣᠷᠣᠨ ᠨᠤᠲᠤᠭ ᠶᠡᠷᠦᠩᠬᠡᠢ | ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠪᠡᠶ᠎ᠡ ᠳᠡᠭᠡᠷ᠎ᠡ ᠰᠠᠯᠭᠠᠨ | ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠣᠯ ᠠᠵᠤ ᠠᠬᠤᠶᠢᠯᠠᠯ ᠢ ᠱᠠᠭᠠᠷᠳᠠᠨ | ᠢᠳᠡᠭᠡᠨ ᠣᠮᠳᠠᠭᠠᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ ᠣᠮᠳᠠᠭᠠᠨ ᠤ ᠠᠮᠤᠷ ᠲᠦᠪᠰᠢᠨ ᠤ ᠠᠵᠢᠯᠲᠠᠨ ᠲᠣᠬᠢᠷᠠᠭᠤᠯᠵᠤ ︽ᠬᠠᠮᠤᠭ ᠤᠨ | ᠪᠠᠭ᠎ᠠ ᠠᠵᠢᠯ ᠤᠨ ᠨᠢᠭᠡᠴᠢ︾ ᠳᠤ ᠠᠩᠬᠠᠷᠤᠯ ᠢᠶᠠᠨ ᠲᠥᠪᠯᠡᠷᠡᠭᠦᠯᠦᠨ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ | ᠰᠠᠷ᠎ᠠ ᠪᠠᠷ ᠲᠣᠬᠢᠷᠠᠭᠤᠯᠬᠤ︾ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠵᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ | ᠲᠡᠭᠦᠯᠳᠡᠷᠵᠢᠭᠦᠯᠦᠨ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠢᠯᠡᠷᠡᠭᠦᠯᠵᠦ ᠠᠷᠢᠯᠭᠠᠵᠤ ᠲᠦᠭᠰᠢᠭᠦᠷᠢ ᠶᠢ ᠨᠠᠷᠢᠯᠢᠭ ᠣᠨᠣᠴᠠᠲᠠᠢ ᠪᠠᠷ ᠰᠡᠷᠭᠡᠶᠢᠯᠡᠨ | ᠡᠵᠡᠮᠳᠡᠬᠦ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ | ᠬᠥᠲᠥᠯᠥᠭᠴᠢ᠄ ᠶᠤᠸᠠᠨ ᠲᠣᠪᠴᠢᠶᠠᠨ ᠳᠠᠷᠤᠭ᠎ᠠ ᠪᠢᠳᠡᠨ ᠳᠤ ᠳᠡᠰ ᠬᠤᠪᠢᠶᠠᠨ ᠱᠠᠲᠤ ᠬᠤᠪᠢᠶᠠᠭᠰᠠᠨ ᠨᠠᠷᠢᠨ ᠲᠣᠳᠣᠷᠬᠠᠢ ᠬᠤᠪᠢᠶᠠᠷᠢᠯᠠᠯ ᠤᠨ | ᠠᠭᠤᠯᠭ᠎ᠠ ᠶᠢ ᠪᠣᠳᠠᠲᠠᠢ ᠪᠠᠷ ᠶᠠᠷᠢᠵᠤ ᠥᠭᠬᠦ ᠪᠣᠯᠪᠠᠤ᠃ | ᠶᠤᠸᠠᠨ ᠰᠢ ᠢᠦᠢ᠄ ᠲᠡᠰ ᠬᠤᠪᠢᠶᠠᠬᠤ ᠬᠡᠳᠡᠭ ᠨᠢ ᠲᠤᠰᠬᠠᠢ ᠬᠠᠷᠢᠭᠤᠴᠠᠬᠤ ᠺᠠᠳ᠋ᠷ ᠢ ᠬᠤᠲᠠ᠂ ᠰᠢᠶᠠᠨ᠂ ᠰᠢᠶᠠᠩ᠂ ᠭᠠᠴᠠᠭ᠎ᠠ ᠲᠤᠰᠬᠤᠨ ᠲᠦᠷᠪᠡᠨ | ᠳᠠᠪᠬᠤᠷᠭ᠎ᠠ ᠬᠤᠪᠢᠶᠠᠬᠤ ᠶᠢ ᠬᠡᠯᠡᠵᠦ ᠪᠠᠶᠢᠨ᠎ᠠ᠃ ᠱᠠᠲᠤ ᠬᠤᠪᠢᠶᠠᠬᠤ ᠭᠡᠳᠡᠭ ᠨᠢ ︽ᠲᠤᠭ᠎ᠠ ᠪᠦᠷᠢᠳᠬᠡᠯ ᠤᠨ ᠲᠠᠯ᠎ᠠ ᠪᠠᠷ ᠲᠣᠮᠣ ᠳᠤᠮᠳᠠ ᠵᠢᠵᠢᠭ ᠪᠢᠴᠢᠯ | ᠬᠡᠯᠪᠡᠷᠢ ᠶᠢᠨ ᠠᠵᠤ ᠠᠬᠤᠶᠢᠯᠠᠯ ᠢ ᠬᠤᠪᠢᠶᠠᠷᠢᠯᠠᠬᠤ ᠪᠠᠷᠢᠮᠵᠢᠶ᠎ᠠ ︵2017︶︾ ᠶᠣᠰᠣᠭᠠᠷ ᠲᠤᠬᠠᠢ ᠶᠢᠨ ᠭᠠᠵᠠᠷ ᠤᠨ ᠪᠣᠳᠠᠲᠠᠢ ᠲᠠᠢ ᠪᠠᠨ ᠤᠶᠠᠯᠳᠤᠭᠤᠯᠤᠨ | ᠪᠣᠶ ᠪᠦᠬᠦᠢ ᠢᠳᠡᠭᠡᠨ ᠤ ᠦᠢᠯᠡᠳᠪᠦᠷᠢᠯᠡᠨ ᠡᠵᠡᠩᠨᠡᠭᠴᠢ ᠶᠢ A᠂ B᠂ C᠂ D ᠱᠠᠲᠤ ᠬᠤᠪᠢᠶᠠᠬᠤ ᠶᠢ ᠵᠢᠭᠠᠵᠤ ᠪᠣᠶ᠃ ᠬᠤᠲᠠ᠂ ᠰᠢᠶᠠᠨ᠂ ᠰᠢᠶᠠᠩ᠂ | ᠭᠠᠴᠠᠭ᠎ᠠ ᠲᠣᠰᠬᠤᠨ ᠤ ᠨᠠᠮ ᠵᠠᠰᠠᠭ ᠤᠨ ᠤᠳᠤᠷᠢᠳᠬᠤ ᠺᠠᠳ᠋ᠷᠴᠤᠳ ᠨᠢ A᠂ B᠂ C᠂ D ᠱᠠᠲᠤ ᠶᠢᠨ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ | ᠭᠤᠣᠯ ᠴᠣᠭᠴᠠ ᠶᠢ ᠲᠠᠰ ᠳᠠᠪᠬᠤᠷᠭ᠎ᠠ ᠪᠠᠷ ᠲᠣᠰ ᠲᠣᠰ ᠳᠠᠭᠠᠭᠠᠴᠢᠯᠠᠨ᠎ᠠ᠃ | ᠬᠥᠲᠥᠯᠥᠭᠴᠢ᠄ ᠶᠤᠸᠠᠨ ᠲᠣᠪᠴᠢᠶᠠᠨ ᠳᠠᠷᠤᠭ᠎ᠠ ᠪᠢᠳᠡᠨ ᠳᠤ ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠣᠲᠣᠷᠠᠬᠢ ᠲᠤᠰᠬᠠᠢ | ᠬᠠᠷᠢᠭᠤᠴᠠᠬᠤ ᠺᠠᠳ᠋ᠷ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠪᠣᠳᠠᠲᠠᠢ ᠶᠠᠭᠤ ᠬᠢᠪᠡᠯ ᠵᠣᠬᠢᠬᠤ ᠪᠣᠶ︖ ᠪᠣᠳᠠᠲᠠᠢ ᠪᠠᠷ | ᠶᠠᠭᠠᠬᠢᠵᠤ ᠬᠢᠬᠦ ᠲᠤᠬᠠᠢ ᠲᠠᠨᠢᠯᠴᠠᠭᠤᠯᠵᠦ ᠦᠭᠭᠦᠨ᠎ᠡ ᠤᠤ︖ | ᠶᠤᠸᠠᠨ ᠰᠢ ᠢᠦᠢ᠄ ᠲᠤᠰᠬᠠᠢ ᠬᠠᠷᠢᠭᠤᠴᠠᠬᠤ ᠺᠠᠳ᠋ᠷ ᠡᠷᠬᠡᠪᠰᠢ ᠬᠠᠷᠠᠭᠠᠯᠵᠠᠭᠰᠠᠨ ᠲᠡᠰ ᠳᠠᠪᠬᠤᠷᠭ᠎ᠠ ᠶᠢᠨ ᠶᠣᠰᠣᠭᠠᠷ ᠢᠳᠡᠭᠡᠨ ᠣᠮᠳᠠᠭᠠᠨ ᠤ ᠠᠮᠤᠷ | ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠠᠳᠬᠤᠵᠤ ᠭᠤᠣᠯ ᠴᠣᠭᠴᠠ ᠶᠢᠨ ᠪᠠᠶᠢᠳᠠᠯ ᠵᠢᠴᠢ ᠬᠢᠨᠠᠨ ᠵᠢᠯᠤᠭᠤᠳᠬᠤ ᠡᠭᠦᠷᠭᠡ ᠶᠢᠨ ᠱᠠᠭᠠᠷᠳᠠᠯᠭ᠎ᠠ ᠶᠢ ᠡᠵᠡᠮᠰᠢᠨ | ᠲᠤᠭᠳᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠤᠯᠠᠷᠢᠯ ᠪᠦᠷᠢ ᠳᠤ ᠲᠤᠰᠬᠠᠢ ᠬᠠᠷᠢᠭᠤᠴᠠᠬᠤ ᠭᠤᠣᠯ ᠴᠣᠭᠴᠠ ᠶᠢ ᠨᠠᠭᠠᠲᠤ | ᠵᠠᠬ᠎ᠠ ᠳᠠᠭᠠᠨ 1 ᠤᠳᠠᠭ᠎ᠠ ᠬᠢᠨᠠᠨ ᠵᠢᠯᠤᠭᠤᠳᠴᠤ ᠴᠢᠬᠤᠯᠠ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠭᠤᠣᠯᠳᠠᠯᠭ᠎ᠠ ᠲᠠᠢ ᠴᠠᠭ ᠬᠤᠭᠤᠴᠠᠭᠠᠨ ᠳᠤ ᠬᠢᠨᠠᠨ | ᠵᠢᠯᠤᠭᠤᠳᠬᠤ ᠤᠳᠠᠭ᠎ᠠ ᠶᠢ ᠨᠡᠮᠡᠬᠦ ᠬᠡᠷᠡᠭᠲᠡᠢ᠃ | ᠬᠥᠲᠥᠯᠥᠭᠴᠢ᠄ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠳᠠᠬᠢ ᠠᠵᠤ ᠠᠬᠤᠢ ᠶᠢᠨ ᠭᠤᠣᠯ | ᠴᠣᠭᠴᠠ ᠨᠢ ︽ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠪᠣᠳᠠᠲᠠᠢ ᠪᠠᠷ ᠬᠡᠷᠬᠢᠨ ᠬᠢᠬᠦ ᠪᠣᠶ︖ ᠪᠣᠳᠠᠲᠠᠢ ᠪᠠᠷ ᠶᠠᠭᠤ ᠬᠢᠬᠦ | ᠲᠤᠬᠠᠢ ᠲᠠᠨᠢᠯᠴᠠᠭᠤᠯᠵᠦ ᠦᠭᠭᠦᠨ᠎ᠡ ᠤᠤ︖ | ᠶᠤᠸᠠᠨ ᠰᠢ ᠢᠦᠢ᠄ ᠠᠵᠤ ᠠᠬᠤᠶᠢᠯᠠᠯ ᠨᠢ ︽ᠡᠳᠦᠷ ᠢᠶᠠᠷ ᠬᠠᠮᠢᠶᠠᠷᠤᠨ ᠡᠵᠡᠮᠳᠡᠬᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ᠂ ᠰᠠᠷ᠎ᠠ ᠪᠠᠷ | ᠲᠣᠬᠢᠷᠠᠭᠤᠯᠬᠤ︾ ᠳᠦᠷᠢᠮ ᠤᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠵᠤ ᠢᠳᠡᠭᠡᠨ ᠣᠮᠳᠠᠭᠠᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ | ᠢᠳᠡᠭᠡᠨ ᠣᠮᠳᠠᠭᠠᠨ ᠤ ᠠᠮᠤᠷ ᠲᠦᠪᠰᠢᠨ ᠤ ᠠᠵᠢᠯᠲᠠᠨ ᠢ ᠲᠣᠬᠢᠷᠠᠭᠤᠯᠤᠨ ᠢᠳᠡᠭᠡᠨ ᠣᠮᠳᠠᠭᠠᠨ ᠤ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠢᠳᠡᠭᠡᠨ | ᠣᠮᠳᠠᠭᠠᠨ ᠤ ᠠᠮᠤᠷ ᠲᠦᠪᠰᠢᠨ ᠤ ᠠᠵᠢᠯᠲᠠᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠢᠳᠡᠭᠡᠨ ᠣᠮᠳᠠᠭᠠᠨ ᠤ ᠠᠮᠤᠷ | ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠨᠠᠷᠢᠨ ᠲᠠᠩᠰᠠ ᠶᠢ ᠪᠠᠶᠢᠭᠤᠯᠬᠤ ᠬᠡᠷᠡᠭᠲᠡᠢ᠃ | ᠬᠥᠲᠥᠯᠥᠭᠴᠢ᠄ ᠶᠠᠭᠤᠨ ᠳᠤ ᠢᠳᠡᠭᠡᠨ ᠣᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠲᠦᠯᠬᠢᠨ ᠠᠬᠢᠭᠤᠯᠬᠤ ᠭᠡᠷᠡᠭᠲᠡᠢ ᠪᠣᠶ︖ | | ᠶᠤᠸᠠᠨ ᠰᠢ ᠢᠦᠢ᠄ ᠢᠳᠡᠭᠡᠨ ᠣᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠳᠡᠰ ᠬᠤᠪᠢᠶᠠᠨ ᠱᠠᠲᠤ ᠬᠤᠪᠢᠶᠠᠨ | ᠳᠠᠭᠠᠭᠠᠴᠢᠯᠠᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠨᠢ ᠣᠷᠣᠨ ᠨᠤᠲᠤᠭ ᠤᠨ ᠵᠠᠰᠠᠭ ᠤᠨ ᠣᠷᠳᠣᠨ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ | ᠢᠳᠡᠭᠡᠨ ᠣᠮᠳᠠᠭᠠᠨ ᠤ ᠵᠦᠢᠯᠡᠰ ᠤᠨ ᠦᠢᠯᠡᠳᠪᠦᠷᠢᠯᠡᠯ ᠡᠵᠡᠩᠨᠡᠭᠴᠢ ᠶᠢ ᠠᠳᠠᠯᠢ ᠴᠢᠭᠯᠡᠯ ᠢᠶᠠᠷ ᠬᠦᠴᠦᠯᠡᠵᠦ ᠢᠳᠡᠭᠡᠨ ᠣᠮᠳᠠᠭᠠᠨ ᠤ ᠵᠦᠢᠯᠡᠰ ᠤᠨ ᠠᠮᠤᠷ | ᠲᠦᠪᠰᠢᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ ᠪᠣᠯᠣᠨ᠎ᠠ᠂ ᠲᠣᠰ ᠠᠷᠭ᠎ᠠ ᠬᠡᠮᠵᠢᠶ᠎ᠡ ᠪᠠᠷ ᠳᠠᠮᠵᠢᠭᠤᠯᠤᠨ | ᠠᠵᠤ ᠠᠬᠤᠶᠢᠯᠠᠯ ᠤᠨ ᠢᠳᠡᠭᠡᠨ ᠣᠮᠳᠠᠭᠠᠨ ᠤ ᠵᠦᠢᠯᠡᠰ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ ᠪᠣᠯᠪᠠᠰᠤᠨ ᠦᠨᠡᠨᠴᠢ ᠢᠲᠡᠭᠡᠮᠵᠢᠲᠡᠢ ᠪᠠᠷ ᠡᠵᠡᠩᠨᠡᠵᠦ ᠢᠳᠡᠭᠡᠨ ᠣᠮᠳᠠᠭᠠᠨ ᠤ ᠵᠦᠢᠯᠡᠰ ᠤᠨ ᠶᠠᠰᠤ ᠴᠢᠨᠠᠷ ᠢ ᠦᠨᠡᠨ ᠬᠦ ᠪᠠᠲᠤᠯᠠᠵᠤ | ᠮᠠᠨ ᠤ ᠬᠤᠰᠢᠭᠤᠨ ᠤ ᠢᠳᠡᠭᠡᠨ ᠣᠮᠳᠠᠭᠠᠨ ᠤ ᠵᠦᠢᠯᠡᠰ ᠤᠨ ᠠᠮᠤᠷ ᠲᠦᠪᠰᠢᠨ ᠤ ᠬᠢᠷᠢ ᠲᠦᠪᠰᠢᠨ ᠪᠠ ᠠᠷᠠᠳ ᠣᠯᠠᠨ ᠤ ᠢᠳᠡᠭᠡᠨ ᠣᠮᠳᠠᠭᠠᠨ ᠤ | ᠵᠦᠢᠯᠡᠰ ᠤᠨ ᠠᠮᠤᠷ ᠲᠦᠪᠰᠢᠨ ᠤ ᠬᠠᠨᠤᠮᠵᠢ ᠶᠢᠨ ᠲᠦᠷᠦᠭᠳᠡᠯ ᠢ ᠳᠡᠭᠡᠭᠰᠢᠯᠡᠬᠦᠯᠦᠨ᠎ᠡ᠃ | ᠬᠥᠲᠥᠯᠥᠭᠴᠢ᠄ ᠢᠳᠡᠭᠡᠨ ᠣᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠠᠴᠢ | ᠬᠤᠯᠪᠣᠭᠳᠠᠯ ᠨᠢ ᠶᠠᠭᠤ ᠪᠣᠶ︖ | ᠶᠤᠸᠠᠨ ᠰᠢ ᠢᠦᠢ᠄ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ | ᠳᠡᠭᠡᠭᠰᠢᠯᠡᠭᠦᠯᠵᠦ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠲᠣᠳᠣᠷᠬᠠᠢ | ᠱᠠᠭᠠᠷᠳᠠᠪᠠ᠃ ᠢᠳᠡᠭᠡᠨ ᠣᠮᠳᠠᠭᠠᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠳᠡᠰ ᠱᠠᠲᠤ ᠬᠤᠪᠢᠶᠠᠨ ᠳᠠᠭᠠᠭᠠᠴᠢᠯᠠᠬᠤ ᠠᠵᠢᠯ ᠢ | ᠨᠠᠶᠢᠳᠠᠪᠤᠷᠢᠵᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠬᠤᠲᠠ ᠶᠢᠨ ᠢᠳᠡᠭᠡᠨ ᠣᠮᠳᠠᠭᠠᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ | ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ ᠢᠳᠡᠭᠡᠨ ᠣᠮᠳᠠᠭᠠᠨ ᠤ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠬᠠᠮᠢᠶᠠᠷᠴᠤ ᠴᠢᠩᠭ᠎ᠠ ᠡᠵᠡᠮᠳᠡᠵᠦ᠂ ᠬᠠᠮᠵᠢᠯᠴᠠᠨ ᠬᠠᠮᠲᠤᠪᠠᠷ ᠵᠠᠰᠠᠵᠤ᠂ ᠢᠳᠡᠭᠡᠨ | ᠣᠮᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ ᠪᠠᠲᠤ ᠪᠠᠬᠢ ᠪᠠᠶᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠢᠳᠡᠭᠡᠨ ᠣᠮᠳᠠᠭᠠᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ | ᠪᠣᠯᠭᠠᠬᠤ ᠪᠦᠲᠦᠮᠵᠢᠲᠡᠶ ᠠᠷᠭ᠎ᠠ ᠬᠡᠮᠵᠢᠶ᠎ᠡ ᠪᠤᠯᠤᠨ᠎ᠠ᠃ | ᠬᠥᠲᠥᠯᠥᠭᠴᠢ᠄ ᠵᠠ᠂ ᠪᠢᠳᠡ ᠶᠤᠸᠠᠨ ᠲᠣᠪᠴᠢᠶᠠᠨ ᠳᠠᠷᠤᠭ᠎ᠠ ᠶᠢᠨ ᠰᠣᠷᠪᠤᠯᠵᠢᠯᠠᠭ᠎ᠠ ᠶᠢ ᠬᠦᠯᠢᠶᠡᠵᠦ ᠠᠪᠤᠭᠰᠠᠨ ᠳᠤ ᠳᠠᠬᠢᠨᠲᠠ ᠲᠠᠯᠠᠷᠬᠠᠶ᠎ᠠ᠂ ᠲᠣᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠ ᠪᠦᠬᠦᠨ ᠤ ᠠᠩᠬᠠᠷᠤᠯ ᠳᠤ ᠲᠠᠯᠠᠷᠬᠠᠵᠤ ᠪᠠᠶᠢᠨ᠎ᠠ᠃ ᠪᠠᠶᠠᠷᠲᠠᠢ︕ | | |