ᠬᠠᠶᠢᠷ᠎ᠠ ᠬᠠᠯᠠᠮᠵᠢᠲᠤ ᠬᠤᠲᠠ ᠳᠤ ᠬᠤᠷᠠᠨ ᠴᠤᠭᠯᠠᠷᠠᠵᠤ᠂ ᠪᠣᠯᠪᠠᠰᠤᠨ ᠤ ᠲᠤᠬᠠᠢ ᠬᠠᠮᠲᠤ ᠪᠠᠷ ᠶᠠᠷᠢᠯᠴᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ | ᠰᠣᠶᠣᠯ ᠤᠨ ᠤᠯᠠᠮᠵᠢᠯᠠᠯ ᠬᠥᠭᠵᠢᠯᠲᠡ ᠶᠢᠨ ᠶᠠᠷᠢᠯᠴᠠᠬᠤ ᠬᠤᠷᠠᠯ ᠪᠣᠯᠣᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠠᠰᠢᠷᠠᠮ ᠳᠤ᠂ 8 ᠰᠠᠷ᠎ᠠ ᠶᠢᠨ 14 ᠤ ᠡᠳᠦᠷ᠂ ︽ᠪᠣᠷᠣᠳᠣᠬᠤᠢ ᠬᠥᠮᠥᠨ︾ ᠢ | ᠢᠯᠡᠷᠡᠭᠦᠯᠦᠭᠰᠡᠨ 100 ᠵᠢᠯ ᠤᠨ ᠣᠢ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠦᠦᠰᠢᠨ ᠬᠤᠰᠢᠭᠤᠨ ᠳᠤ ᠡᠬᠢᠯᠡᠪᠡ᠃ ᠲᠤᠰ ᠤᠳᠠᠭᠠᠨ ᠤ | ᠶᠠᠷᠢᠶᠠᠨ ᠤ ᠲᠠᠪᠴᠠᠩ ᠨᠢ ︽ᠪᠣᠯᠪᠠᠰᠤᠨ ᠤ ᠦᠨᠳᠦᠰᠦ ᠰᠤᠷᠪᠤᠯᠵᠢ ᠶᠢ ᠰᠦᠪᠡᠭᠴᠢᠯᠡᠵᠦ᠂ ᠲᠡᠦᠬᠡ ᠶᠢᠨ ᠤᠬᠠᠮᠰᠠᠷ ᠢᠶᠠᠨ ᠴᠢᠩᠭᠠᠳᠬᠠᠨ᠂ ᠢᠲᠡᠭᠡᠯ ᠢᠶᠠᠨ | ᠪᠠᠲᠤᠳᠬᠠᠬᠤ︾ ᠪᠠᠷ ᠭᠤᠣᠯ ᠰᠡᠳᠦᠪ ᠪᠤᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠨ ᠢ ᠤᠷᠢᠵᠤ | ᠣᠷᠳᠣᠰ ᠲᠤ ᠴᠤᠭᠯᠠᠷᠠᠭᠤᠯᠤᠨ᠂ ᠡᠷᠲᠡᠨ ᠤ ᠪᠣᠯᠪᠠᠰᠤᠨ ᠰᠣᠶᠣᠯ ᠤᠨ ᠲᠤᠬᠠᠢ ᠥᠷᠭᠡᠨ ᠳᠡᠯᠭᠡᠷ ᠶᠠᠷᠢᠯᠴᠠᠭ᠎ᠠ ᠥᠷᠨᠢᠭᠦᠯᠦᠨ᠂ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠶᠢ ᠬᠠᠮᠲᠤ ᠪᠠᠷ ᠰᠤᠳᠤᠯᠤᠨ ᠶᠠᠷᠢᠯᠴᠠᠵᠤ᠂ ︽ᠪᠣᠷᠣᠳᠣᠬᠤᠢ ᠶᠢᠨ ᠰᠣᠶᠣᠯ︾ ᠤᠨ ᠳᠡᠯᠡᠬᠡᠢ ᠳᠡᠭᠡᠷᠡᠬᠢ ᠨᠥᠯᠥᠭᠡᠯᠡᠬᠦ | ᠬᠦᠴᠦᠨ ᠪᠠ ᠨᠡᠷ᠎ᠡ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠰᠢᠷᠠᠤ᠋ᠰᠤᠨ ᠪᠠᠭᠤᠷᠢ ᠶᠢᠨ ᠬᠠᠭᠤᠴᠢ ᠰᠤᠳᠤᠯᠤᠯ ᠤᠨ ᠰᠤᠳᠤᠯᠭᠠᠨ ᠤ ᠳᠠᠬᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠭᠰᠠᠨ ᠪᠠᠶᠢᠨ᠎ᠠ᠃ | ᠣᠷᠳᠣᠰ ᠪᠣᠯ ᠬᠠᠲᠤᠨ ᠭᠤᠣᠯ ᠤᠨ ᠥᠷᠥᠴᠡᠨ ᠳᠠᠬᠢ ᠬᠥᠮᠥᠨ ᠲᠥᠷᠥᠯᠬᠢᠲᠡᠨ ᠤ ᠪᠣᠯᠪᠠᠰᠤᠨ ᠤ ᠡᠭᠦᠰᠦᠯ ᠭᠠᠵᠠᠷ ᠤᠨ ᠨᠢᠭᠡ ᠮᠥᠨ᠂ ᠬᠡᠳᠦᠨ ᠲᠦᠮᠡᠨ | ᠵᠢᠯ ᠤᠨ ᠡᠮᠦᠨ᠎ᠡ ᠡᠷᠲᠡᠨ ᠤ ︽ᠪᠣᠷᠣᠳᠣᠬᠤᠢ ᠬᠥᠮᠥᠨ︾ ᠡ᠊ᠨᠳᠡ ᠦᠶ᠎ᠡ ᠤᠯᠠᠷᠢᠨ ᠣᠷᠣᠰᠢᠨ ᠠᠮᠢᠳᠤᠷᠠᠵᠤ᠂ ᠤᠷᠲᠤ ᠤᠳᠠᠭᠠᠨ ᠣᠨ ᠰᠠᠷ᠎ᠠ ᠶᠢᠨ | ᠡᠯᠡᠭᠡᠯᠲᠡ ᠳᠤ᠂ ᠭᠦᠨ ᠵᠤᠵᠠᠭᠠᠨ ᠰᠣᠶᠣᠯ ᠤᠨ ᠬᠤᠷᠠᠮᠳᠤᠯ ᠪᠠ ᠡᠯᠪᠡᠭ ᠪᠠᠶᠠᠯᠢᠭ ᠡᠷᠲᠡᠨ ᠤ ᠦᠯᠡᠳᠡᠭᠳᠡᠯ ᠢ ᠪᠤᠢ ᠪᠤᠯᠭᠠᠵᠤ᠂ ᠭᠡᠷᠡᠯ ᠰᠠᠴᠤᠷᠤᠩᠭᠤᠢ | ᠰᠢᠷᠠᠤ᠋ᠰᠤᠨ ᠰᠣᠶᠣᠯ᠂ ᠵᠦ ᠺᠠᠢ ᠭᠧᠦ ᠶᠢᠨ ᠰᠣᠶᠣᠯ ᠪᠣᠯᠣᠨ ᠣᠷᠳᠣᠰ ᠤᠨ ᠬᠦᠷᠡᠯ ᠪᠠᠭᠠᠵᠢ ᠶᠢᠨ ᠰᠣᠶᠣᠯ ᠢ ᠪᠤᠢ ᠪᠤᠯᠭᠠᠵᠤ᠂ ᠪᠠᠶᠢᠯᠳᠤᠭᠠᠨᠲᠤ ᠤᠯᠤᠰ ᠤᠨ | ᠦᠶ᠎ᠡ ᠶᠢᠨ ᠤᠷᠲᠤ ᠴᠠᠭᠠᠨ ᠬᠡᠷᠡᠮ᠂ ᠴᠢᠨ ᠤ ᠠᠰᠬᠠᠨ ᠵᠠᠮ᠂ ᠠᠷᠵᠠᠢ ᠠᠭᠤᠢ ᠵᠡᠷᠭᠡ ᠨᠢᠭᠡ ᠪᠦᠯᠦᠭ ᠲᠡᠦᠬᠡ ᠰᠣᠶᠣᠯ ᠤᠨ ᠪᠠᠭᠤᠷᠢ ᠶᠢ ᠦᠯᠡᠳᠡᠭᠡᠨ | ᠬᠠᠳᠠᠭᠠᠯᠠᠵᠤ᠂ ᠣᠷᠳᠣᠰ ᠬᠤᠷᠢᠮ᠂ ᠮᠠᠩᠬᠠᠨ ᠠᠶᠠᠯᠭᠤ᠂ ᠭᠦᠷᠦ ᠳᠠᠭᠤᠤ ᠵᠡᠷᠭᠡ ᠤᠯᠤᠰ ᠤᠨ ᠲᠡᠰ ᠤᠨ ᠠᠯᠢ ᠣᠯᠠᠨ ᠪᠣᠳᠠᠰ ᠤᠨ ᠪᠤᠰᠤ ᠰᠣᠶᠣᠯ ᠤᠨ ᠥᠪ ᠢ | ᠦᠯᠡᠳᠡᠭᠡᠵᠡᠢ ᠁ ᠲᠡᠦᠬᠡ ᠶᠢᠨ ᠦᠯᠡᠳᠡᠭᠳᠡᠯ᠂ ᠰᠣᠶᠣᠯ ᠢᠷᠭᠡᠨᠰᠢᠯ ᠤᠨ ᠠᠭᠤᠯᠬᠤᠨ᠂ ᠪᠣᠯᠪᠠᠰᠤᠨ ᠤ ᠢᠮ ᠲᠠᠮᠠᠭ᠎ᠠ ᠳᠤ ᠡᠷᠲᠡᠨ ᠤ ᠬᠥᠮᠥᠰ ᠤᠨ ᠣᠶᠣᠨ | ᠤᠬᠠᠭᠠᠨ ᠪᠠ ᠬᠠᠶᠢᠷ᠎ᠠ ᠰᠡᠳᠬᠢᠯᠭᠡ ᠶᠢ ᠰᠢᠩᠭᠡᠭᠡᠵᠦ᠂ ᠣᠷᠳᠣᠰᠴᠤᠳ ᠤᠨ ᠦᠶ᠎ᠡ ᠶᠢᠨ ᠦᠶ᠎ᠡ ᠶᠢᠨ ᠣᠷᠣᠰᠢᠨ ᠲᠣᠭᠲᠠᠨᠢᠯ᠂ ᠥᠨᠢ ᠤᠳᠠᠭᠠᠨ ᠰᠣᠶᠣᠯ ᠤᠨ | ᠤᠯᠠᠮᠵᠢᠯᠠᠯ ᠢ ᠠᠴᠢᠶᠠᠯᠠᠵᠤ ᠪᠤᠢ᠃ ᠲᠡᠷᠡ ᠨᠢ᠂ ᠲᠡᠦᠬᠡ ᠶᠢᠨ ᠭᠡᠷᠡᠴᠢᠯᠡᠯ᠂ ᠪᠣᠯᠪᠠᠰᠤᠨ ᠤ ᠪᠡᠯᠭᠡ ᠲᠡᠮᠳᠡᠭ ᠮᠥᠨ᠂ ᠪᠢᠳᠠᠨ ᠤ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠮᠥᠨ᠂ ᠪᠠᠰᠠ ᠴᠦ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ | ︽ᠪᠣᠷᠣᠳᠣᠬᠤᠢ ᠬᠥᠮᠥᠨ︾ ᠨᠢ ᠥᠪᠡᠷᠮᠢᠴᠡ ᠣᠨᠴᠠᠯᠢᠭ ᠲᠠᠢ ᠪᠣᠯᠪᠠᠰᠤᠨ ᠤ ᠦᠨᠳᠦᠰᠦ ᠰᠣᠷᠪᠤᠯᠵᠢ ᠪᠣᠯᠤᠭᠰᠠᠨ ᠤ ᠬᠤᠪᠢ ᠳᠤ᠂ ᠬᠡᠷᠬᠢᠨ | ᠠᠭᠤᠳᠠᠯᠬᠤ ᠶᠢᠨ ᠳᠤᠮᠳᠠ ᠬᠠᠮᠠᠭᠠᠯᠠᠵᠤ᠂ ᠠᠰᠢᠭᠯᠠᠬᠤ ᠶᠢᠨ ᠳᠤᠮᠳᠠ ᠤᠯᠠᠮᠵᠢᠯᠠᠬᠤ ᠪᠢᠯᠡ︖ ᠣᠷᠳᠣᠰ ᠬᠤᠲᠠ ᠰᠢᠷᠠᠤ᠋ᠰᠤᠨ ᠪᠠᠭᠤᠷᠢ ᠶᠢ ᠰᠤᠳᠤᠯᠤᠨ | ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠦᠷᠢᠮ ᠲᠣᠭᠲᠠᠭᠠᠯ ᠲᠣᠭᠲᠠᠭᠠᠬᠤ ᠢᠨᠵᠧᠨᠧᠷᠢᠩ᠂ ᠬᠠᠭᠤᠴᠢ ᠰᠤᠳᠤᠯᠤᠯ ᠤᠨ ᠨᠡᠭᠡᠭᠡᠨ | ᠮᠠᠯᠲᠠᠬᠤ ᠢᠨᠵᠧᠨᠧᠷᠢᠩ᠂ ᠬᠠᠮᠠᠭᠠᠯᠠᠨ ᠳᠡᠭᠡᠭᠰᠢᠯᠡᠭᠦᠯᠬᠦ ᠢᠨᠵᠧᠨᠧᠷᠢᠩ᠂ ᠳᠡᠯᠭᠡᠨ ᠦᠵᠡᠭᠦᠯᠵᠦ ᠠᠰᠢᠭᠯᠠᠬᠤ ᠢᠨᠵᠧᠨᠧᠷᠢᠩ᠂ ᠬᠤᠣᠰ ᠰᠣᠶᠣᠯ ᠤᠨ ᠥᠪ ᠢ | ᠭᠤᠶᠤᠴᠢᠯᠠᠨ ᠮᠡᠳᠡᠭᠦᠯᠬᠦ ᠢᠨᠵᠧᠨᠧᠷᠢᠩ ᠵᠡᠷᠭᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠠᠭᠤᠷᠢ ᠶᠢ ᠬᠠᠮᠠᠭᠠᠯᠠᠨ ᠠᠰᠢᠭᠯᠠᠬᠤ ᠪᠦᠬᠦᠯᠢ ᠴᠣᠭᠴᠠ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠤᠢ ᠪᠣᠯᠭᠠᠪᠠ᠃ ᠡᠭᠦᠨ ᠤ ᠬᠠᠮᠲᠤ᠂ | ᠤᠯᠠᠮᠵᠢᠯᠠᠨ ᠵᠠᠯᠭᠠᠮᠵᠢᠯᠠᠭᠰᠠᠨ ᠰᠠᠭᠤᠷᠢᠨ ᠳᠡᠭᠡᠷ᠎ᠡ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠶᠢ ᠰᠠᠭᠤᠷᠢ᠂ ᠠᠭᠤᠯᠤᠭᠳᠠᠬᠤᠨ ᠪᠠ | ᠠᠮᠢᠵᠢᠷᠠᠯ ᠤᠨ ᠬᠦᠴᠦᠨ ᠲᠠᠢ ᠪᠤᠯᠭᠠᠵᠤ᠂ ᠬᠠᠭᠤᠴᠢ ᠰᠤᠳᠤᠯᠤᠯ ᠤᠨ ᠬᠠᠮᠠᠭᠠᠯᠠᠯᠲᠠ ᠶᠢᠨ ᠪᠡᠶᠡᠴᠢᠯᠡᠨ ᠣᠶᠢᠯᠭᠠᠬᠤ ᠭᠠᠵᠠᠷ ᠪᠠᠶᠢᠭᠤᠯᠬᠤ ᠵᠡᠷᠭᠡ ᠶᠢ ᠪᠦᠲᠦᠭᠡᠨ | ᠪᠠᠶᠢᠭᠤᠯᠬᠤ ᠪᠠᠷ ᠳᠠᠮᠵᠢᠭᠤᠯᠤᠨ᠂ ᠲᠡᠦᠬᠡ ᠶᠢ ᠥᠭᠦᠯᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠤᠨ᠂ ᠣᠷᠳᠣᠰ ᠤᠨ ᠰᠣᠶᠣᠯ ᠤᠨ ᠥᠪᠡᠷᠮᠢᠴᠡ | ᠴᠢᠨᠠᠷ ᠪᠠ ᠦᠨ᠎ᠡ ᠥᠷᠲᠡᠭ ᠢ ᠦᠨᠡᠨ ᠬᠦ ᠢᠯᠡᠷᠡᠭᠦᠯᠵᠦ᠂ ᠣᠷᠳᠣᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠦᠯᠢᠭᠡᠷ ᠢ ᠭᠦᠨᠵᠡᠭᠡᠢ ᠰᠠᠶᠢᠲᠤᠷ ᠶᠠᠷᠢᠬᠤ | ᠬᠡᠷᠡᠭᠲᠡᠢ᠃ | ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠪᠣᠯ ᠬᠤᠶᠢᠴᠢ ᠦᠶ᠎ᠡ ᠳᠤ ᠠᠰᠢᠭ ᠲᠤᠰᠠ ᠲᠠᠢ ᠠᠵᠢᠯ ᠶᠤᠮ᠃ ᠲᠤᠰ ᠤᠳᠠᠭ᠎ᠠ ᠶᠢᠨ | ᠶᠠᠷᠢᠶᠠᠨ ᠤ ᠲᠠᠪᠴᠠᠩ ᠢᠶᠠᠷ ᠲᠣᠬᠢᠶᠠᠯ ᠪᠤᠯᠭᠠᠵᠤ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠳ ᠰᠠᠨᠠᠯ ᠵᠥᠪᠯᠡᠯᠭᠡ ᠳᠤᠷᠠᠳᠤᠨ ᠠᠷᠭ᠎ᠠ | ᠤᠬᠠᠭᠠᠨ ᠭᠠᠷᠭᠠᠵᠤ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠡᠷᠲᠡᠨ ᠤ ︽ᠪᠣᠷᠣᠳᠣᠬᠤᠢ ᠬᠥᠮᠥᠨ︾ ᠤ ᠰᠤᠳᠤᠯᠭᠠᠨ ᠪᠣᠯᠣᠨ ᠰᠢᠷᠠᠤ᠋ᠰᠤᠨ ᠪᠠᠭᠤᠷᠢ ᠶᠢ | ᠬᠠᠮᠠᠭᠠᠯᠠᠨ ᠠᠰᠢᠭᠯᠠᠬᠤ ᠶᠢ ᠨᠡᠩ ᠰᠠᠶᠢᠲᠤᠷ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠢ ᠤᠯᠠᠮᠵᠢᠯᠠᠨ ᠬᠥᠭᠵᠢᠭᠦᠯᠬᠦ ᠶᠢ ᠬᠠᠮᠲᠤ ᠪᠠᠷ ᠠᠬᠢᠭᠤᠯᠤᠨ᠂ | ᠳᠤᠮᠳᠠᠳᠤ ᠶᠢᠨ ᠪᠣᠯᠪᠠᠰᠤᠨ ᠤ ᠳᠠᠮᠵᠢᠭᠤᠯᠬᠤ ᠬᠦᠴᠦᠨ ᠢ ᠴᠢᠩᠭᠠᠳᠬᠠᠵᠤ᠂ ᠨᠡᠩ ᠥᠨᠳᠥᠷ ᠲᠡᠰ ᠳᠠᠪᠬᠤᠷᠭ᠎ᠠ ᠠᠴᠠ ᠣᠷᠳᠣᠰ ᠤᠨ ᠰᠣᠶᠣᠯ ᠤᠨ ᠢᠯᠭᠠᠨ | ᠲᠠᠨᠢᠬᠤ ᠬᠡᠮᠵᠢᠶ᠎ᠡ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠬᠦᠯᠬᠦ ᠬᠡᠷᠡᠭᠲᠡᠢ᠃ | | |